ᠷᠡᠰᠢᠶᠠᠨ ᠬᠤᠳᠡ 2024 ᠣᠨ ᠤ ︽ᠣᠶ ᠰᠢᠭᠤᠶ ᠨᠣᠳᠤᠭ ᠪᠡᠯᠴᠢᠭᠡᠷ ᠤᠨ ᠠᠮᠢᠳᠤ ᠪᠣᠳᠠᠰ ᠤᠨ ᠭᠠᠶ ᠭᠠᠮᠰᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/16
     ᠤᠢ ᠰᠢᠭᠤᠢ ᠨᠣᠳᠤᠭ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠲᠦᠷᠦᠯ ᠤᠨ ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠶᠢᠨ ᠲᠥᠯᠥᠭᠡ᠂ 5 ᠰᠠᠷ᠎ᠠ ᠶᠢᠨ 14 ᠤ ᠡᠳᠦᠷ᠂ ᠷᠡᠰᠢᠶᠠᠨ ᠬᠤᠲᠠ ᠶᠢᠨ ᠣᠶ ᠰᠢᠭᠤᠶ ᠨᠣᠳᠤᠭ ᠪᠡᠯᠴᠢᠭᠡᠷ ᠤᠨ ᠲᠣᠪᠴᠢᠶ᠎ᠠ ᠥᠪᠥᠷ ᠮᠣᠩᠭᠤᠯ ᠤᠨ ᠰᠧᠨ ᠭᠥᠩ ᠺᠣᠮᠫᠠᠨᠢ ᠶᠢᠨ ᠣᠶ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ ᠲᠠᠢ ᠬᠠᠮᠲᠤᠷᠠᠨ ︽ᠤᠢ ᠰᠢᠭᠤᠢ ᠨᠣᠳᠤᠭ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ 2024 ᠣᠨ ᠤ ᠤᠢ ᠰᠢᠭᠤᠢ ᠨᠣᠳᠤᠭ ᠪᠡᠯᠴᠢᠭᠡᠷ ᠤᠨ ᠠᠮᠢᠳᠤ ᠪᠣᠳᠠᠰ ᠤᠨ ᠭᠠᠢ ᠭᠠᠮᠰᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠵᠡᠢ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠠᠵᠢᠯᠲᠠᠳ ᠡᠯᠭᠦᠭᠡ ᠪᠢᠴᠢᠭᠡᠰᠦ ᠡᠯᠭᠦᠬᠦ ᠪᠠᠷ ᠳᠡᠮᠵᠢᠨ᠂ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠣᠭᠤ ᠭᠠᠵᠠᠷ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ︽ᠣᠶ ᠰᠢᠭᠤᠶ ᠶᠢᠨ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ︾᠂ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ᠂ ᠠᠮᠧᠷᠢᠺᠠ ᠶᠢᠨ ᠴᠠᠭᠠᠨ ᠡᠷᠪᠡᠬᠡᠶ ᠪᠠ ᠭᠠᠳᠠᠨ᠎ᠠ ᠠᠴᠠ ᠢᠷᠡᠭᠰᠡᠨ ᠴᠢᠬᠤᠯᠠ ᠶᠡᠭᠡ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠮᠡᠳᠡᠯᠭᠡ ᠵᠡᠷᠭᠡ ᠶᠢ ᠠᠷᠡᠳ ᠲᠦᠮᠡᠨ ᠳᠤ ᠣᠬᠠᠭᠤᠯᠵᠡᠢ᠃ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ 350 ᠭᠠᠷᠤᠶ ᠬᠤᠪᠢ ᠲᠠᠷᠬᠠᠭᠠᠵᠤ᠂ ᠤᠯᠠᠨ ᠲᠦᠮᠡᠨ ᠤ40 ᠭᠠᠷᠣᠢ ᠠᠰᠠᠭᠤᠨ ᠯᠠᠪᠯᠡᠯᠳᠡ ᠳᠤ ᠵᠦᠪ ᠬᠠᠷᠢᠭᠤᠯᠳᠡ ᠦᠭᠴᠠᠢ᠃      ᠳᠠᠷᠠᠭᠠᠴᠢ ᠪᠠᠷ᠂ ᠠᠵᠢᠯᠲᠠᠳ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠪᠣᠯᠤᠨ ᠬᠤᠲᠠ ᠶᠢᠨ ᠨᠢᠭᠡᠳᠦᠭᠡᠷ ᠪᠠᠭ᠎ᠠ ᠰᠤᠷᠭᠠᠭᠤᠯᠢ ᠪᠠᠷ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠪᠠᠭᠰᠢ ᠰᠤᠷᠤᠭᠴᠢᠳ ᠲᠤ ᠴᠢᠭᠢᠭᠯᠢᠭ ᠭᠠᠵᠠᠷ ᠤᠨ ᠬᠠᠮᠠᠭᠠᠯᠠᠯᠲᠠ᠂ ᠣᠶ ᠰᠢᠭᠤᠶ ᠶᠢᠨ ᠳᠠᠷᠤᠭ᠎ᠠ ᠶᠢᠨ ᠳᠦᠷᠢᠮ ᠤᠨ ᠲᠥᠷᠥ ᠶᠢᠨ ᠪᠣᠳᠣᠯᠭ᠎ᠠ᠂ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠵᠡᠷᠭᠡ ᠬᠠᠮᠢᠶ᠎ᠠ ᠪᠦᠬᠦᠢ ᠮᠡᠳᠡᠯᠭᠡ ᠶᠢ ᠵᠠᠷᠯᠠᠯ᠂ ᠵᠢᠷᠤᠭᠲᠤ ᠳᠡᠪᠲᠡᠷ ᠢᠶᠠᠷ ᠲᠠᠷᠬᠠᠭᠠᠨ ᠤᠬᠠᠭᠤᠯᠵᠤ᠂ ᠣᠶ ᠰᠢᠭᠤᠶ ᠨᠣᠳᠤᠭ ᠪᠡᠯᠴᠢᠭᠡᠷ ᠤᠨ ᠠᠮᠢᠳᠤ ᠪᠣᠳᠠᠰ ᠤᠨ ᠭᠠᠶ ᠭᠠᠮᠰᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠵᠦ᠂ ᠨᠡᠶᠢᠭᠡᠮ ᠤᠨ ᠣᠯᠠᠨ ᠲᠦᠮᠡᠨ ᠪᠠ ᠪᠠᠭᠰᠢ ᠰᠤᠷᠤᠭᠴᠢᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠤᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠨᠡᠮᠡᠭᠳᠡᠭᠦᠯᠦᠨ᠎ᠡ᠃
 
ᠢᠷᠡᠯᠲᠡ᠄ ᠷᠡᠰᠢᠶᠠᠨ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号