ᠷᠠᠰᠢᠶᠠᠨ ᠤ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠭᠤᠣᠯ ᠰᠠᠳᠣᠪᠳᠣ ᠨᠠᠮ ᠤᠨ ᠬᠢᠴᠢᠶᠠᠯ ᠣᠷᠣᠪᠡ
ᠨᠡᠶᠢᠲᠡᠯᠡᠭᠰᠡᠨ ᠴᠠᠭ᠄
2024/5/16
     ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠬᠤ ᠶᠢ ᠠᠷᠡᠳ ᠣᠯᠡᠨ ᠤ ᠰᠡᠳᠬᠢᠯ ᠳᠤᠨᠢ ᠬᠠᠳᠠᠩᠰᠢᠭᠤᠯᠬᠤ ᠶᠢᠨ ᠲᠥᠯᠥᠭᠡ᠂ 5 ᠰᠠᠷ᠎ᠠ ᠶᠢᠨ 15 ᠤ ᠡᠳᠦᠷ᠂ ᠷᠠᠰᠢᠶᠠᠨ ᠤ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ︽ᠢᠲᠡᠭᠡᠯ ᠵᠣᠷᠢᠭ ᠢᠶᠠᠨ ᠪᠠᠲᠤᠳᠬᠠᠵᠤ ᠨᠠᠮ ᠤᠨ ᠰᠠᠬᠢᠯᠭ᠎ᠠ ᠪᠠᠲᠤ ᠶᠢ ᠬᠢᠴᠢᠶᠡᠩᠭᠦ᠋ᠢᠯᠡᠨ ᠰᠠᠬᠢᠬᠤ︾ ᠲᠣᠭᠤᠷᠢᠨ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃      ᠨᠠᠮ ᠤᠨ ᠡᠭᠦᠷ ᠤᠨ ᠱᠦᠵᠢ ᠶᠠᠩ ᠯᠢ ᠭᠦᠸᠧ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠲᠤᠬᠠᠢ ᠲᠠᠶᠢᠯᠤᠮᠵᠢ ᠬᠢᠵᠦ᠂ ︽ᠲᠦᠷᠢᠮ︾ ᠳᠤ ᠵᠠᠰᠠᠪᠤᠷᠢ ᠣᠷᠣᠭᠤᠯᠤᠭᠰᠠᠨ ᠤ ᠴᠢᠬᠤᠯᠠ ᠶᠡᠭᠡ ᠠᠴᠢ ᠬᠤᠯᠪᠣᠭᠳᠠᠯ ᠪᠠ ᠰᠢᠨ᠎ᠡ ᠪᠠᠷ ᠨᠡᠮᠡᠵᠦ ᠣᠷᠣᠭᠤᠯᠤᠭᠰᠠᠨ᠂ ᠵᠠᠰᠠᠪᠤᠷᠢ ᠣᠷᠣᠭᠤᠯᠤᠭᠰᠠᠨ ᠭᠤᠣᠯᠳᠠᠯᠭ᠎ᠠ ᠲᠠᠢ ᠵᠦᠢᠯ ᠵᠤᠷᠪᠤᠰ ᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠡᠭᠦᠷ ᠤᠨ ᠨᠠᠮ ᠤᠨ ᠭᠡᠰᠢᠭᠦᠨ ᠤ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠲᠠᠶᠢᠴᠢᠯᠡᠨ ᠵᠢᠯᠣᠭᠤᠳᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠪᠠ᠃      ᠨᠠᠮ ᠤᠨ ᠬᠢᠴᠢᠶᠡᠯ ᠳᠤ ᠭᠤᠤᠯᠳᠠᠭᠤ ᠳᠣᠤᠷᠠᠬᠢ ᠬᠡᠳᠦᠨ ᠲᠠᠯ᠎ᠠ ᠶᠢ ᠴᠢᠬᠤᠯᠠᠴᠢᠯᠠᠵᠠᠶ᠄ ᠨᠢᠭᠡ᠂ ᠰᠠᠬᠢᠯᠭ᠎ᠠ ᠪᠠᠲᠤ ᠶᠢ ᠰᠤᠷᠤᠯᠴᠠᠬᠤ᠄ ᠨᠠᠮ ᠤᠨ ᠰᠠᠬᠢᠯᠭ᠎ᠠ ᠪᠠᠲᠤ ᠪᠠᠷ ᠲᠣᠯᠢ ᠪᠣᠯᠭᠠᠵᠤ᠂ ᠤᠯᠤᠰ ᠲᠥᠷᠥ ᠶᠢᠨ ᠤᠬᠠᠮᠰᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠭᠡᠷᠡᠭᠳᠡᠢ︔ ᠬᠤᠶᠠᠷ᠂ ᠰᠠᠬᠢᠯᠭ᠎ᠠ ᠪᠠᠲᠤ ᠶᠢ ᠮᠡᠳᠡᠬᠦ᠄ ᠦᠢᠯᠡ ᠠᠵᠢᠯᠯᠠᠭ᠎ᠠ ᠶᠢᠨ ᠤᠯᠠᠭᠠᠨ ᠱᠤᠭᠤᠮ ᠢ ᠪᠠᠲᠤ ᠴᠡᠭᠡᠵᠢᠯᠡᠵᠦ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠭᠡᠷᠡᠭᠳᠡᠢ︔ ᠭᠤᠷᠪᠠ᠂ ᠰᠠᠬᠢᠯᠭ᠎ᠠ ᠪᠠᠲᠤ ᠶᠢ ᠣᠶᠢᠯᠠᠭᠠᠬᠤ᠄ ᠦᠢᠯᠡ ᠠᠵᠢᠯᠯᠠᠭᠠᠨ ᠤ ᠪᠠᠷᠢᠮᠵᠢᠶ᠎ᠠ ᠶᠢ ᠲᠣᠳᠣᠷᠬᠠᠶᠢᠯᠠᠵᠤ ᠂ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠨ᠎ᠠ︔ ᠲᠦᠷᠪᠡ᠂ ᠰᠠᠬᠢᠯᠭ᠎ᠠ ᠪᠠᠲᠤ ᠶᠢ ᠰᠠᠬᠢᠬᠤ᠄ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠡᠶᠡᠯᠡᠭᠦᠯᠬᠦ ᠭᠡᠷᠡᠭᠳᠡᠢ᠃ ᠪᠦᠬᠦ ᠨᠠᠮ ᠤᠨ ᠭᠡᠰᠢᠭᠦᠨ ᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠠᠬᠢᠯᠭ᠎ᠠ ᠪᠠᠲᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠤᠷᠲᠠᠯ ᠤᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠨ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠷᠠᠰᠢᠶᠠᠨ ᠤ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠪᠠᠷ ᠲᠠᠮᠵᠢᠨ ᠪᠦᠬᠦ ᠨᠠᠮ ᠤᠨ ᠭᠡᠰᠢᠭᠦᠨ ᠢ ᠲᠠᠶᠢᠴᠢᠯᠡᠨ ᠵᠢᠯᠣᠭᠤᠳᠴᠤ ᠪᠠᠶᠢᠭᠠᠳ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ ᠪᠠ ᠢᠯᠵᠠᠷᠡᠯ ᠢ ᠡᠰᠡᠷᠭᠦᠴᠡᠬᠦ ᠲᠣᠭᠲᠠᠯ ᠬᠦᠴᠦᠨ ᠢ ᠴᠢᠩᠭᠠᠳᠬᠠᠵᠤ᠂ ᠰᠠᠬᠢᠯᠭ᠎ᠠ ᠪᠠᠲᠤ ᠶᠢ ᠰᠤᠷᠤᠯᠴᠠᠬᠤ ᠲᠠᠯ᠎ᠠ ᠪᠠᠷ ᠳᠡᠭᠡᠳᠦ ᠬᠡᠮᠵᠢᠶᠡᠨ ᠤ ᠤᠬᠠᠮᠰᠠᠷ ᠲᠠᠢ ᠪᠠᠶᠢᠵᠤ᠂ ᠰᠠᠬᠢᠯᠭ᠎ᠠ ᠪᠠᠲᠤ ᠶᠢ ᠮᠡᠳᠡᠬᠦ ᠲᠠᠯ᠎ᠠ ᠪᠠᠷ ᠣᠨᠣᠪᠴᠢᠲᠠᠢ ᠡᠵᠡᠮᠳᠡᠨ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ ᠲᠠᠯ᠎ᠠ ᠪᠠᠷ ᠵᠠᠭᠠᠭ ᠬᠢᠵᠠᠭᠠᠷ ᠢ ᠲᠣᠳᠣᠷᠬᠠᠶᠢᠯᠠᠨ᠂ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠵᠠᠷᠯᠢᠭ ᠴᠠᠭᠠᠵᠠ ᠶᠢ ᠲᠠᠭᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠢᠯᠢᠳᠡᠭ ᠰᠤᠷᠲᠠᠯ ᠢᠶᠠᠷ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃
 
ᠢᠷᠡᠯᠲᠡ᠄ ᠷᠠᠰᠢᠶᠠᠨ ᠤ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠠᠮᠢᠶᠠᠷᠣᠯᠳᠡ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号