ᠷᠠᠰᠢᠶᠠᠨ ᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠷᠠᠰᠢᠶᠠᠨ ᠤ ᠬᠤᠷᠴᠠ ᠤᠯᠠᠭᠠᠨ ᠴᠡᠴᠡᠭ ᠢ ᠰᠤᠨᠢᠷᠬᠠᠨ ᠵᠢᠭᠤᠯᠴᠢᠯᠠᠬᠤ ᠵᠢᠴᠢ ᠬᠤᠭᠤᠰᠣᠨᠵᠢᠯᠠᠭ᠎ᠠ ᠪᠠᠷ ᠵᠢᠭᠤᠯᠴᠢᠯᠠᠬᠤ ᠠᠵᠢᠯᠯᠠᠭ᠎ᠠ ᠳᠤ ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠪᠠ
ᠨᠡᠶᠢᠲᠡᠯᠡᠭᠰᠡᠨ ᠴᠠᠭ᠄
2024/5/17
     5 ᠰᠠᠷ᠎ᠠ ᠶᠢᠨ 12 ᠤᠨ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ ᠤ ᠷᠠᠰᠢᠶᠠᠨ ᠤ ᠬᠤᠷᠴᠠ ᠤᠯᠠᠭᠠᠨ ᠴᠡᠴᠡᠭ ᠢ ᠰᠤᠨᠢᠷᠬᠠᠨ ᠵᠢᠭᠤᠯᠴᠢᠯᠠᠬᠤ ᠵᠢᠴᠢ ᠬᠤᠭᠤᠰᠣᠨᠵᠢᠯᠠᠭ᠎ᠠ ᠪᠠᠷ ᠵᠢᠭᠤᠯᠴᠢᠯᠠᠬᠤ ᠠᠵᠢᠯᠯᠠᠭ᠎ᠠ ᠷᠠᠰᠢᠶᠠᠨ ᠬᠤᠲᠠ ᠶᠢᠨ ᠬᠤᠭᠤᠰᠣᠨᠵᠢᠯᠠᠭ᠎ᠠ ᠤᠯᠤᠰ ᠤᠨ ᠣᠶ ᠰᠢᠭᠤᠶ ᠶᠢᠨ ᠴᠡᠴᠡᠷᠯᠢᠭ ᠲᠤ ᠶᠠᠪᠤᠬᠳᠠᠬᠰᠠᠨ ᠪᠠᠶᠢᠨ᠎ᠠ᠃ ᠵᠢᠭᠤᠯᠴᠢᠯᠠᠬᠰᠠᠳ ᠲᠤ ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠨ᠂ ᠠᠵᠢᠯᠯᠠᠭ᠎ᠠ ᠶᠢᠨ ᠨᠠᠩ ᠤᠷᠤᠬᠰᠢᠳᠠᠢ ᠰᠠᠶᠢᠬᠠᠨ ᠶᠠᠪᠤᠬᠳᠠᠬᠤ ᠶᠢ ᠪᠠᠳᠤᠯᠠᠬᠤ ᠶᠢᠨ ᠲᠥᠯᠥᠬᠡ᠂ ᠷᠠᠰᠢᠶᠠᠨ ᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠬᠢᠨ ᠳᠤᠰ ᠤᠳᠠᠭᠠᠨ ᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠮᠤᠷ ᠢ ᠬᠠᠮᠠᠭᠠᠯᠠᠬᠤ ᠪᠠᠶᠢᠷᠢᠯᠠᠭᠤᠯᠤᠯᠲᠠ ᠶᠢᠨ ᠬᠤᠷᠠᠯ ᠢ ᠤᠷᠢᠳᠴᠢᠯᠠᠨ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯᠲᠠᠨ ᠤ ᠲᠣᠬᠢᠷᠠᠭᠤᠯᠤᠯᠲᠠ᠂ ᠠᠵᠢᠯ ᠤᠨ ᠪᠠᠶᠢᠷᠢ ᠶᠢᠨ ᠬᠤᠪᠢᠶᠠᠷᠢᠯᠠᠯ᠂ ᠠᠵᠢᠯ ᠤᠨ ᠡᠭᠦᠷᠭᠡ ᠬᠠᠷᠢᠭᠤᠴᠠᠯᠭ᠎ᠠ ᠵᠡᠷᠭᠡ ᠡᠯ᠎ᠡ ᠭᠤᠭᠴᠤᠭ᠎ᠠ ᠶᠢ ᠨᠠᠷᠢᠨ ᠨᠢᠮᠪᠠᠶ ᠪᠠᠶᠢᠷᠢᠯᠠᠭᠤᠯᠪᠠ᠃      ᠷᠠᠰᠢᠶᠠᠨ ᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠬᠢᠨ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠡᠭᠡᠷ᠎ᠡ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠵᠠᠷᠯᠠᠯ ᠢ ᠤᠷᠢᠳᠴᠢᠯᠠᠨ ᠨᠡᠶᠢᠲᠡᠯᠡᠬᠦ ᠶᠢᠨ ᠬᠠᠮᠲᠤ ᠭᠤᠤᠯᠳᠠᠯᠭ᠎ᠠ ᠲᠠᠢ ᠵᠠᠮ ᠱᠤᠭᠤᠮ ᠳᠤ ᠰᠡᠷᠡᠮᠵᠢ ᠶᠢᠨ ᠫᠠᠶᠢᠰᠠ ᠡᠯᠬᠦᠵᠤ᠂ ᠬᠤᠲᠠ ᠶᠢᠨ ᠠᠷᠠᠳ ᠲᠤ ᠶᠠᠪᠤᠵᠤ ᠰᠠᠭᠤᠬᠤ ᠵᠠᠮ ᠱᠤᠭᠤᠮ ᠢᠶᠠᠨ ᠵᠣᠬᠢᠰᠲᠠᠶ ᠰᠣᠩᠭᠤᠬᠤ ᠶᠢ ᠰᠠᠨᠠᠭᠤᠯᠪᠠ᠃ ᠳᠤᠬᠠᠢ ᠶᠢᠨ ᠡᠳᠦᠷ᠂ ᠡᠯ᠎ᠡ ᠶᠡᠭᠡ ᠠᠩᠬᠢ ᠶᠢᠨ ᠬᠢᠨ ᠴᠣᠬᠢᠯᠲᠠ ᠥᠭᠬᠦ ᠪᠠ ᠰᠡᠷᠭᠡᠶᠢᠯᠡᠬᠦ ᠶᠢ ᠨᠢᠭᠡ ᠴᠤᠭᠴᠠᠵᠢᠭᠤᠯᠬᠤ ᠶᠢ ᠪᠠᠷᠢᠮᠲᠠᠯᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠲᠦᠷᠦᠯ ᠤᠨ ᠠᠵᠢᠯ ᠲᠦᠷᠦᠯ ᠤᠨ ᠲᠠᠯᠠᠪᠤᠷ ᠲᠤ ᠭᠦᠨᠵᠡᠭᠡᠶᠢᠷᠡᠨ ᠬᠠᠤᠯᠢ ᠶᠣᠰᠣᠨ ᠤ ᠡᠵᠡᠩᠨᠡᠯᠲᠡ ᠶᠢᠨ ᠪᠠᠶᠢᠳᠠᠯ ᠵᠢᠴᠢ ᠬᠥᠮᠦᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠳᠤ ᠨᠠᠷᠢᠨ ᠨᠢᠮᠪᠠᠢ ᠪᠠᠶᠢᠴᠠᠭᠠᠯᠲᠠ ᠬᠢᠵᠦ᠂ ᠭᠤᠣᠯᠳᠠᠯᠭ᠎ᠠ ᠲᠠᠢ ᠣᠷᠣᠨ ᠪᠠᠶᠢᠷᠢ ᠶᠢ 230 ᠭᠠᠷᠤᠢ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ 6 ᠠᠮᠤᠷ ᠲᠦᠪᠰᠢᠨ ᠤ ᠭᠡᠮ ᠰᠣᠭᠤᠭ ᠢ ᠢᠯᠡᠷᠡᠬᠦᠯᠤᠨ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠱᠠᠭᠠᠷᠳᠠᠵᠠᠢ᠃      ᠠᠵᠢᠯᠯᠠᠭ᠎ᠠ ᠶᠢᠨ ᠬᠤᠭᠤᠴᠠᠭᠠᠨ ᠳᠤ ᠵᠢᠭᠤᠯᠴᠢᠯᠠᠬᠰᠠᠳ ᠤᠨ ᠳᠤᠭ᠎ᠠ ᠶᠡᠭᠡ ᠬᠡᠮᠵᠢᠶ᠎ᠡ ᠪᠠᠷ ᠨᠡᠮᠡᠭᠳᠡᠵᠦ ᠪᠠᠶᠢᠭ᠎ᠠ ᠪᠣᠳᠠᠲᠤ ᠪᠠᠶᠢᠳᠠᠯ ᠳᠤ ᠴᠢᠭᠯᠡᠬᠦᠯᠤᠨ᠂ ᠡᠯ᠎ᠡ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠢᠨ ᠴᠠᠭᠳᠠᠭᠠᠨ ᠤ ᠬᠦᠴᠦᠨ ᠢ ᠡᠮᠤᠨ᠎ᠠ ᠹᠷᠣᠨᠲ ᠲᠤ ᠲᠤᠬᠢᠷᠠᠭᠤᠯᠵᠥ᠂ 24 ᠴᠠᠭ ᠢᠶᠠᠷ ᠴᠠᠬᠳᠠᠨ ᠬᠠᠮᠠᠭᠠᠯᠠᠬᠤ ᠶᠢ ᠪᠠᠳᠤᠯᠠᠪᠡ᠃ ᠮᠦᠨ ᠴᠤ ᠪᠠᠰᠠ ᠬᠠᠷᠢᠶᠠᠲᠤ ᠣᠷᠣᠨ ᠤ ᠪᠠᠨ ᠭᠤᠤᠯᠳᠠᠯᠭ᠎ᠠ ᠲᠠᠢ ᠵᠠᠮ ᠱᠤᠭᠤᠮ ᠢᠶᠠᠷ ᠲᠦᠷ ᠴᠠᠭ ᠤᠨ ᠵᠢᠵᠢᠭᠦᠷᠯᠡᠬᠦ ᠴᠡᠭ᠂ ᠬᠢᠯᠢ ᠶᠢᠨ ᠪᠠᠶᠢᠴᠠᠭᠠᠬᠤ ᠥᠷᠲᠡᠭᠡ ᠵᠡᠷᠭᠡ ᠦᠢᠯᠡᠴᠢᠯᠡᠭᠡᠨ ᠤ ᠲᠣᠭᠲᠠᠴᠠ ᠶᠢ ᠪᠥᠬᠦ ᠲᠠᠯ᠎ᠠ ᠪᠠᠷ ᠡᠬᠢᠯᠡᠭᠦᠯᠵᠦ᠂ ᠬᠠᠷᠢᠶᠠᠲᠤ ᠣᠷᠣᠨ ᠢᠶᠠᠷ ᠣᠷᠣᠵᠤ ᠭᠠᠷᠬᠤ ᠬᠥᠮᠦᠰ᠂ ᠲᠡᠷᠭᠡ ᠬᠥᠰᠭᠡ ᠵᠢᠴᠢ ᠠᠪᠴᠦ ᠶᠠᠪᠤᠭ᠎ᠠ ᠡᠳ᠋ ᠪᠣᠳᠠᠰ ᠢ ᠴᠢᠩᠭ᠎ᠠ ᠰᠢᠭᠰᠢᠨ ᠪᠠᠶᠢᠴᠠᠭᠠᠵᠤ᠂ ᠬᠠᠷᠢᠶᠠᠲᠤ ᠣᠷᠣᠨ ᠤ ᠭᠤᠤᠯᠳᠠᠯᠭ᠎ᠠ ᠲᠠᠢ ᠣᠷᠣᠨ ᠪᠦᠰᠡ᠂ ᠭᠤᠤᠯ ᠪᠣᠯᠬᠤ ᠵᠠᠮ ᠤᠨ ᠬᠡᠰᠡᠭ᠂ ᠪᠤᠳᠤᠯᠢᠶᠠᠨᠲᠠᠶ ᠲᠠᠯᠠᠪᠤᠷ ᠤᠨ ᠬᠠᠮᠢᠶᠠᠷᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠪᠠ᠃      ᠡᠬᠦᠨ ᠠᠴᠠ ᠭᠠᠳᠠᠨ᠎ᠠ᠂ ᠲᠤᠰ ᠤᠳᠠᠭᠠᠨ ᠤ ᠬᠤᠷᠴᠠ ᠤᠯᠠᠭᠠᠨ ᠴᠡᠴᠡᠭ ᠢ ᠰᠤᠨᠢᠷᠬᠠᠨ ᠵᠢᠭᠤᠯᠴᠢᠯᠠᠬᠤ ᠰᠢᠷᠢᠰ ᠠᠵᠢᠯᠯᠠᠭ᠎ᠠ ᠶᠢᠨ ᠣᠨᠴᠠᠯᠢᠭ ᠲᠤ ᠴᠢᠭᠯᠡᠭᠦᠯᠦᠨ᠂ ᠷᠠᠰᠢᠶᠠᠨ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠶᠶ᠎ᠠ ︽ᠬᠥᠮᠦᠨ ᠢ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠣᠷᠣᠨ ᠪᠠᠶᠢᠷᠢ ᠶᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠨᠢᠭᠲᠠ ᠬᠠᠮᠵᠢᠯᠴᠠᠵᠤ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠵᠠᠮ ᠬᠠᠷᠢᠯᠴᠠᠭ᠎ᠠ ᠶᠢᠨ ᠰᠠᠭᠠᠳ ᠥᠬᠡᠢ ᠨᠠᠪᠳᠡᠷᠠᠭᠦ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ᠠᠵᠢᠯᠯᠠᠭ᠎ᠠ ᠶᠢᠨ ᠡᠮᠬᠢ ᠵᠢᠷᠤᠮ ᠲᠠᠢ ᠶᠠᠪᠤᠬᠳᠡᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠬᠠᠮᠲᠤ᠂ ᠵᠢᠭᠤᠯᠴᠢᠯᠠᠬᠰᠠᠳ ᠤᠨ ᠬᠤᠷᠴᠡ ᠤᠯᠠᠭᠠᠨ ᠴᠡᠴᠡᠭ ᠰᠣᠨᠢᠷᠬᠠᠬᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠬᠦᠯᠪᠡ᠃      ︽ᠴᠠᠭᠳᠠᠭ᠎ᠠ ᠨᠥᠬᠦᠷ ᠡ᠂ ᠪᠢ ᠪᠦᠯᠬᠦᠮ ᠤᠨ ᠠᠶᠠᠨᠴᠢᠳ ᠤᠨ ᠲᠡᠷᠭᠡ ᠶᠢ ᠡᠷᠢᠵᠦ ᠣᠯᠬᠤ ᠦᠭᠡᠢ ᠪᠠᠶᠢᠨ᠎ᠠ᠂ ᠲᠠᠨᠤᠰ ᠬᠠᠪᠰᠤᠷᠴᠤ ᠪᠣᠯᠬᠤ ᠦᠦ︖︾ ᠭᠡᠵᠦ ᠨᠢᠭᠡᠨ ᠲᠦᠭᠡᠷᠢᠭᠰᠡᠨ ᠨᠠᠰᠤᠳᠠᠨ ᠳᠤᠰᠠᠯᠠᠮᠵᠢ ᠭᠤᠶᠤᠴᠢᠯᠠᠨ᠎ᠠ᠃ ︽ᠲᠠ ᠤᠷᠢᠳᠠᠪᠠᠷ ᠲᠡᠷᠭᠡᠨ ᠳᠤ ᠭᠠᠷᠤᠭᠠᠷᠠᠶ᠂ ᠪᠢ ᠣᠳᠣ ᠪᠠᠷ ᠢᠶᠠᠨ ᠡᠷᠢᠵᠦ ᠦᠭᠬᠦᠶ᠎ᠠ︾ ᠭᠡᠵᠦ ᠠᠷᠠᠳ ᠤᠨ ᠴᠠᠬᠳᠠᠭ᠎ᠠ ᠴᠧᠨ ᠴᠧᠨ ᠬᠠᠯᠠᠭᠤᠮᠰᠤᠬ ᠢᠶᠠᠷ ᠵᠢᠭᠤᠯᠴᠢᠯᠠᠬᠰᠠᠳ ᠲᠤ ᠦᠢᠯᠡᠴᠢᠯᠡᠨ᠎ᠠ᠃      ᠠᠷᠠᠳ ᠤᠨ ᠴᠠᠭᠳᠠᠭ᠎ᠠ ᠯᠢᠦ ᠶᠠᠩ ᠤᠨ ᠲᠠᠨᠢᠯᠴᠠᠭᠤᠯᠤᠭᠰᠠᠨ ᠢᠶᠠᠷ᠂ ᠴᠠᠭᠳᠠᠭᠠᠨ ᠤ ᠬᠦᠴᠦᠨ ᠤ ᠲᠣᠭᠤᠷᠢᠨ ᠴᠠᠭᠳᠠᠬᠤ ᠶᠠᠪᠤᠴᠠ ᠳᠤ᠂ ᠵᠢᠭᠤᠯᠴᠢᠯᠠᠬᠰᠠᠳ ᠤᠨ ᠴᠡᠴᠡᠭ ᠰᠣᠨᠢᠷᠬᠠᠬᠤ ᠦᠶ᠎ᠡ ᠳᠡᠭᠡᠨ ᠵᠠᠷᠢᠮ ᠨᠢ ᠬᠢᠴᠢᠶᠡᠮᠵᠢ ᠥᠬᠡᠶ ᠪᠠᠷ ᠤᠶᠢᠴᠢᠵᠦ ᠰᠢᠷᠬᠠᠳᠤᠬᠰᠠᠨ᠂ ᠵᠠᠷᠢᠮ ᠨᠢ ᠡᠳ᠋ ᠪᠣᠳᠠᠰ ᠢᠶᠠᠨ ᠮᠠᠷᠲᠠᠭᠰᠠᠨ᠂ ᠴᠢᠨᠠᠭᠰᠢᠯᠠᠪᠠᠯ ᠲᠥᠭᠡᠷᠢᠭᠰᠡᠨ ᠵᠡᠷᠭᠡ ᠪᠠᠶᠢᠳᠠᠯ ᠳᠤ ᠠᠷᠠᠳ ᠤᠨ ᠴᠠᠭᠳᠠᠭ᠎ᠠ ᠴᠥᠮ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠬᠠᠪᠰᠤᠷᠬᠤ ᠶᠢᠨ ᠬᠠᠮᠲᠤ ᠵᠢᠭᠤᠯᠴᠢᠯᠠᠬᠰᠠᠳ ᠤᠨ ᠳᠤᠮᠳᠠ ᠡᠭᠦᠰᠦᠭᠰᠡᠨ ᠵᠥᠷᠢᠴᠡᠯ ᠵᠢᠭᠤᠷᠠᠯᠳᠤᠭᠠᠨ ᠢ ᠬᠠᠮᠤᠭ ᠤᠨ ᠲᠡᠷᠢᠭᠦᠨ ᠳᠤ ᠡᠶᠡᠳᠡᠬᠦᠯᠤᠨ ᠰᠶᠢᠳᠪᠦᠷᠢᠯᠡᠵᠦ᠂ ᠦᠵᠡᠮᠵᠢ ᠶᠢᠨ ᠣᠷᠣᠨ ᠤ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠢ ᠰᠠᠶᠢᠲᠤᠷ ᠰᠠᠬᠢᠨ ᠬᠠᠮᠠᠭᠠᠯᠠᠵᠤ ᠪᠤᠢ᠃         ︵ᡁᠢ ᠮᠢᠨ ᠼᠠᠢ ᡁᠢ ᠰᠢᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号