ᠮᠡᠭᠡᠯᠠᠯ ᠢ ᠡᠰᠡᠷᠬᠦᠴᠠᠨ ᠬᠤᠣᠷ ᠲᠠᠳᠡᠬᠤ ᠶᠢ ᠴᠠᠭᠠᠵᠠᠯᠠᠬᠤ ᠲᠣᠬᠠᠢ ᠤᠬᠠᠭᠤᠯᠭ᠎ᠠ ᠪᠠᠷ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/5/17
   5 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠷᠠᠰᠢᠶᠠᠨ ᠤ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠤᠯᠪᠣᠭᠠᠯᠠᠨ᠂ ᠷᠠᠰᠢᠶᠠᠨ ᠤ ᠬᠠᠷᠶᠠᠨ ᠳᠠᠬᠢ ᠤᠯᠠᠨ ᠪᠠᠩᠬᠢ ᠪᠠᠷ ᠬᠦᠨᠵᠡᠭᠡᠶᠢᠷᠡᠨ ᠮᠡᠭᠡᠯᠠᠯ ᠢ ᠡᠰᠡᠷᠬᠦᠴᠠᠨ ᠬᠤᠣᠷ ᠲᠠᠳᠡᠬᠤ ᠶᠢ ᠴᠠᠭᠠᠵᠠᠯᠠᠬᠤ ᠲᠣᠬᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠠᠳᠡᠨ ᠤᠢᠢᠷ᠎ᠠ ᠶᠢᠨ ᠬᠤᠭᠤᠴᠠᠭᠠᠨ ᠳᠠᠬᠢ ᠴᠠᠬᠢᠯᠭᠠᠨ ᠬᠤᠯᠪᠣᠭ᠎ᠠ ᠪᠡ ᠰᠦᠯᠵᠢᠶᠡᠨ ᠤ ᠮᠡᠬᠡᠯᠡᠯ ᠤᠨ ᠰᠢᠨ᠎ᠡ ᠪᠠᠶᠢᠳᠠᠯ᠂ ᠰᠢᠨ᠎ᠡ ᠣᠨᠴᠠᠯᠢᠭ ᠲᠠᠢ ᠤᠶᠠᠯᠳᠤᠭᠤᠯᠵᠤ᠂  ᠬᠠᠷᠶᠠᠨ ᠳᠠᠬᠢ ᠤᠯᠠᠨ ᠪᠠᠩᠬᠢ ᠪᠠᠷ ᠤᠢᠢᠷ᠎ᠠ ᠶᠢᠨ ᠬᠤᠭᠤᠴᠠᠭᠠᠨ ᠳᠠᠬᠢ ᠪᠠᠶᠢᠩᠭᠤ ᠲᠣᠬᠢᠶᠠᠯᠳᠤᠬᠤ ᠡᠯ᠎ᠡ ᠵᠦᠢᠯ ᠤᠨ ᠮᠡᠬᠡᠯᠡᠯ ᠤᠨ ᠠᠷᠭ᠎ᠠ ᠪᠠᠷᠢᠯ᠂ ᠬᠡᠷᠡᠭᠯᠡᠬᠦ ᠠᠷᠭ᠎ᠠ ᠪᠠᠷᠢᠯ ᠵᠢᠴᠢ ᠰᠡᠷᠭᠡᠶᠢᠯᠡᠬᠦ ᠠᠷᠭ᠎ᠠ ᠬᠡᠮᠵᠢᠶ᠎ᠠ ᠶᠢ ᠬᠤᠪᠢᠶᠠᠯᠴᠠᠬᠤ ᠶᠢᠨ ᠬᠠᠮᠲᠤ ᠪᠠᠩᠬᠢ ᠶᠢᠨ ᠠᠵᠢᠯᠲᠠᠳ ᠲᠠᠢ ᠬᠠᠮᠲᠤ ᠪᠠᠷ ᠬᠠᠷᠶᠠᠨ ᠳᠠᠬᠢ ᠰᠠᠭᠤᠭᠠᠯᠢ ᠠᠷᠠᠳ ᠤᠨ ᠮᠠᠳᠠᠭ ᠲᠠᠢ ᠠᠰᠠᠭᠤᠯᠳᠡ ᠳᠤ ᠵᠦᠪ ᠬᠠᠷᠢᠭᠤᠯᠳᠡ ᠥᠭᠴᠡᠢ᠃ ᠲᠣᠰ ᠠᠵᠢᠯᠯᠠᠭ᠎ᠠ ᠳᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠵᠢᠷᠤᠭᠲᠤ ᠳᠡᠪᠲᠡᠷ 100 ᠭᠠᠷᠤᠶ ᠬᠤᠪᠢ᠂ ᠤᠬᠠᠭᠤᠯᠭ᠎ᠠ ᠶᠢᠨ ᠬᠠᠭᠤᠳᠠᠰᠤ 200 ᠭᠠᠷᠤᠶ ᠬᠤᠪᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠣᠷ ᠲᠠᠳᠡᠬᠤ  ᠶᠢ ᠴᠠᠭᠠᠵᠠᠯᠠᠬᠤ ᠲᠦᠷᠢᠮ︾ ᠢ 100 ᠭᠠᠷᠤᠶ ᠬᠤᠪᠢ ᠲᠠᠷᠬᠠᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠪᠤᠶᠠᠨᠳᠡᠯᠭᠡᠷ ᠰᠠᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号