ᠷᠠᠰᠢᠶᠠᠨ᠄ ᠬᠤᠷᠴᠠ ᠤᠯᠠᠭᠠᠨ ᠴᠡᠴᠡᠭ ᠢᠶᠠᠷ ᠬᠤᠯᠠ ᠤᠶᠢᠷ᠎ᠠ ᠶᠢᠨ ᠵᠤᠭᠠᠴᠠᠬᠰᠡᠳ ᠤᠨ ᠰᠡᠳᠬᠢᠯ ᠢ ᠰᠤᠬᠳᠤᠭᠤᠷᠠᠭᠤᠯᠦᠨ᠎ᠠ
ᠨᠡᠶᠢᠲᠡᠯᠡᠭᠰᠡᠨ ᠴᠠᠭ᠄
2024/5/20
     ᠷᠠᠰᠢᠶᠠᠨ ᠤ ᠲᠦᠷᠪᠡᠨ ᠤᠯᠠᠷᠢᠯ ᠤᠨ ᠦᠡᠭᠭᠡ ᠦᠵᠡᠮᠵᠢ ᠪᠦᠷ ᠭᠤᠶᠤᠬᠠᠨ᠃ ᠠᠭᠤᠯᠠ ᠳᠦᠭᠦᠷᠡᠩ ᠬᠤᠷᠴᠠ ᠤᠯᠠᠭᠠᠨ ᠴᠡᠴᠡᠭ ᠪᠠᠳᠠᠷᠠᠨ ᠳᠡᠯᠭᠡᠷᠡᠵᠦ᠂ ᠨᠣᠭᠤᠭᠠᠨ ᠨᠠᠷᠠᠰᠤ ᠪᠠ ᠴᠠᠭᠠᠨ ᠬᠤᠰᠤ ᠨᠡᠩ ᠢᠯᠡᠭᠦᠦ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ 5 ᠰᠠᠷ᠎ᠠ ᠶᠢᠨ 11 ᠤ ᠡᠳᠦᠷ ᠤᠷᠤᠬᠰᠠᠨ ᠴᠠᠰᠤ ᠨᠢ ᠷᠠᠰᠢᠶᠠᠨ ᠳᠤ ᠨᠢᠭᠡᠨ ᠭᠠᠶᠢᠬᠠᠮᠰᠢᠬᠲᠦ ᠠᠭᠤᠷ ᠠᠮᠢᠰᠬᠤᠯ ᠢ ᠠᠪᠴᠢᠷᠠᠵᠤ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠬᠤᠷᠴᠠ ᠤᠯᠠᠭᠠᠨ ᠴᠡᠴᠡᠭ ᠤᠨ ᠣᠨᠴᠠᠭᠠᠶ ᠰᠠᠶᠢᠬᠠᠨ ᠢ ᠬᠦᠮᠦᠰ ᠲᠤ ᠬᠠᠷᠠᠭᠤᠯᠵᠠᠢ᠃ ᠬᠤᠷᠴᠠ ᠤᠯᠠᠭᠠᠨ ᠴᠡᠴᠡᠭ ᠴᠠᠰᠤᠨ ᠳᠤ ᠨᠡᠩ ᠭᠤᠶᠤ ᠬᠠᠷᠠᠭᠳᠠᠵᠦ᠂ ᠶᠡᠭᠡ ᠰᠠᠯᠬᠢ ᠪᠠ ᠬᠠᠬᠢᠷ ᠬᠦᠢᠲᠡᠨ ᠠᠴᠠ ᠠᠶᠤᠬᠤ ᠦᠭᠡᠶ᠂ ᠨᠡᠯᠦᠭᠡᠷ ᠴᠠᠭᠠᠨ ᠶᠢᠷᠳᠢᠨᠴᠤ ᠳᠤ ᠨᠢᠳᠦ ᠭᠢᠯᠠᠰᠤᠮ᠎ᠠ ᠪᠠᠶᠢᠵᠦ ᠠᠮᠢ ᠨᠠᠰᠤᠨ ᠤ ᠬᠠᠳᠠᠨ ᠵᠣᠷᠢᠭ ᠢ ᠢᠯᠡᠷᠡᠭᠦᠯᠦᠭᠰᠡᠨ ᠪᠠᠶᠢᠨ᠎ᠠ᠃      ᠳᠠᠯᠠᠶ ᠶᠢᠨ ᠲᠦᠪᠰᠢᠨ ᠠᠴᠠ 1511 ᠮᠧᠲᠷ ᠡᠷᠭᠦᠭᠳᠡᠭᠰᠡᠨ ᠪᠠᠢ ᠯᠠᠩ ᠣᠷᠭᠢᠯ ᠳᠡᠭᠡᠷᠡᠬᠢ ᠮᠦᠰᠦ ᠴᠠᠰᠦᠨ ᠤ ᠦᠯᠡᠳᠡᠭᠳᠡᠯ ᠳᠤ᠂ ᠬᠤᠷᠴᠠ ᠤᠯᠠᠭᠠᠨ ᠴᠡᠴᠡᠭ ᠡᠷᠡᠰ ᠬᠠᠲᠠᠭᠤ ᠤᠷᠭᠤᠵᠤ᠂ ᠡᠨᠡ ᠬᠦ ᠦᠵᠡᠰᠭᠦᠯᠡᠩᠲᠦ ᠰᠠᠶᠢᠬᠠᠨ ᠶᠢᠷᠳᠢᠨᠴᠤ ᠶᠢ ᠠᠵᠢᠭᠯᠠᠨ ᠰᠢᠨᠵᠢᠵᠦ᠂ ᠣᠮᠣᠭᠰᠢᠯᠲᠠᠶ ᠪᠠᠳᠠᠷᠠᠨ ᠳᠡᠯᠭᠡᠷᠡᠵᠦ᠂ ᠡᠷᠡᠰ ᠬᠠᠲᠠᠭᠤ ᠠᠮᠢᠵᠢᠷᠠᠯ ᠤᠨ ᠬᠦᠴᠦᠨ ᠢᠶᠠᠷ ᠰᠢᠨᠲᠠᠷᠠᠰᠢ ᠦᠭᠡᠶ ᠵᠣᠷᠢᠭ ᠰᠠᠨᠠᠭ᠎ᠠ ᠶᠢ ᠢᠯᠡᠷᠡᠭᠦᠯᠵᠦ ᠪᠠᠶᠢᠳᠠᠭ᠃      ᠷᠠᠰᠢᠶᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠲᠤ᠂ ᠬᠡᠰᠡᠭ ᠬᠡᠰᠡᠭ ᠬᠤᠷᠴᠠ ᠤᠯᠠᠭᠠᠨ ᠴᠡᠴᠡᠭ ᠨᠢ ᠶᠠᠭ ᠯᠠ ᠨᠢᠭᠡᠨ ᠦᠡᠭᠭᠡ ᠪᠤᠳᠤᠭ ᠲᠠᠢ ᠲᠤᠰᠤᠨ ᠪᠤᠳᠤᠭ ᠤᠨ ᠵᠢᠷᠤᠭ ᠮᠡᠲᠦ ᠬᠠᠷᠠᠬᠳᠠᠵᠦ᠂ ᠭᠤᠶᠤ ᠰᠠᠶᠢᠬᠠᠨ ᠴᠡᠴᠡᠭ ᠨᠢ ᠰᠡᠷᠢᠭᠦᠨ ᠰᠠᠯᠬᠢᠨ ᠳᠤ ᠨᠠᠶᠢᠭᠤᠵᠤ᠂ ᠨᠠᠭᠠᠰᠢ ᠴᠠᠭᠠᠰᠢ ᠶᠠᠪᠤᠵᠦ ᠪᠠᠶᠢᠭ᠎ᠠ ᠬᠤᠯᠠ ᠤᠶᠢᠷ᠎ᠠ ᠶᠢᠨ ᠵᠤᠭᠠᠴᠠᠬᠰᠡᠳ ᠤᠨ ᠠᠩᠬᠠᠷᠦᠯ ᠢ ᠲᠠᠳᠠᠨ᠎ᠠ᠃               · ᠪᠢᠯᠢᠭ   ᠪᠤᠶᠠᠨᠳᠡᠯᠭᠡᠷ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号