ᠸᠧᠨᠴᠢᠣᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ᠲᠤ ᠲᠦᠷ ᠴᠠᠭ ᠤᠨ ᠠᠪᠤᠷᠠᠨ ᠲᠤᠰᠠᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/5/21
     ᠬᠦᠴᠢᠷᠳᠡᠯᠲᠡᠶ ᠰᠠᠭᠤᠭᠠᠯᠢ ᠠᠷᠠᠳ ᠢ ᠲᠦᠷ ᠴᠠᠭ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠠᠭᠤᠭᠠᠯᠢ ᠠᠷᠠᠳ ᠤᠨ ᠭᠡᠨᠡᠳᠲᠡ ᠶᠢᠨ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠢ ᠲᠣᠬᠢᠲᠠᠶ ᠰᠢᠢᠳᠪᠦᠷᠢᠯᠡᠬᠦ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ᠸᠧᠨᠴᠢᠣᠸᠠᠨ ᠵᠡᠭᠡᠯᠢ  ᠶᠢᠨ ᠱᠧᠨᠴᠢᠣᠸᠠᠨ ᠨᠡᠶᠢᠭᠡᠮ ᠲᠣᠭᠤᠷᠢᠭ ᠲᠤ ᠲᠦᠷ ᠴᠠᠭ ᠤᠨ ᠠᠪᠤᠷᠠᠨ ᠲᠤᠰᠠᠯᠠᠯᠲᠠ ᠶᠢᠨ ᠪᠠᠶᠢᠴᠠᠭᠠᠯᠲᠠ ᠬᠢᠵᠦ᠂ ᠬᠦᠴᠢᠷᠳᠡᠯᠲᠡᠶ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠠᠮᠢᠳᠣᠷᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠪᠠ᠃      ᠡᠷᠦᠬᠡ ᠪᠠᠷ ᠬᠦᠨᠵᠡᠭᠡᠶᠢᠷᠡᠬᠦ ᠶᠠᠪᠤᠴᠠ ᠳᠤ᠂ ᠠᠵᠢᠯᠲᠠᠨ ᠠᠴᠠ ᠲᠣᠰᠠᠯᠡᠮᠵᠢ ᠭᠤᠶᠤᠴᠢᠯᠠᠭᠴᠢ ᠶᠢᠨ ᠬᠡᠷ ᠪᠦᠯᠢ ᠶᠢᠨ ᠪᠠᠶᠢᠳᠠᠯ ᠢ ᠭᠦᠨᠵᠡᠭᠡᠶ ᠣᠶᠢᠯᠠᠭᠠᠨ  ᠨᠠᠷᠢᠯᠢᠭ ᠪᠠᠶᠢᠴᠠᠭᠠᠵᠦ᠂ ᠬᠡᠷ ᠪᠦᠯᠢ ᠶᠢᠨ ᠠᠵᠤ ᠠᠬᠤᠶ ᠶᠢᠨ ᠢᠷᠡᠯᠲᠡ᠂ ᠬᠡᠷ ᠪᠦᠯᠢ ᠶᠢᠨ ᠪᠦᠷᠢᠯᠳᠦᠬᠦᠨ ᠤ ᠪᠡᠶ᠎ᠡ ᠶᠢᠨ ᠪᠠᠶᠢᠳᠠᠯ᠂ ᠠᠵᠢᠯ ᠣᠯᠤᠭᠰᠠᠨ ᠪᠠᠶᠢᠳᠠᠯ ᠵᠡᠷᠭᠡ ᠶᠢ ᠠᠰᠠᠭᠤᠨ ᠯᠠᠪᠯᠠᠵᠤ᠂ ᠲᠣᠰᠠᠯᠡᠮᠵᠢ ᠭᠤᠶᠤᠴᠢᠯᠠᠭᠴᠢ ᠶᠢᠨ ᠲᠤᠰᠢᠶᠠᠭᠰᠠᠨ ᠮᠠᠲ᠋ᠧᠷᠢᠶᠠᠯ ᠢ ᠨᠠᠷᠢᠨ ᠨᠢᠮᠪᠠᠶ ᠬᠠᠷᠭᠤᠭᠤᠯᠤᠨ ᠳᠣᠲᠣᠯᠠᠵᠤ᠂ ᠬᠡᠷ ᠪᠦᠯᠢ ᠶᠢᠨ ᠬᠦᠴᠢᠷᠳᠡᠯ ᠤᠨ ᠪᠣᠶ ᠪᠣᠯᠣᠬᠰᠠᠨ ᠪᠣᠳᠠᠲᠠᠶ ᠰᠢᠯᠲᠠᠭᠠᠨ ᠢ ᠣᠶᠢᠯᠠᠭᠠᠭᠰᠠᠨ ᠪᠥᠭᠡᠳ ᠲᠣᠰᠠᠯᠡᠮᠵᠢ ᠭᠤᠶᠤᠴᠢᠯᠠᠭᠴᠢ ᠳᠤ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠠᠯᠠᠰᠢᠷᠠᠯ ᠥᠬᠡᠶ ᠲᠠᠶᠢᠯᠪᠤᠷᠢᠯᠠᠵᠤ ᠥᠭᠭᠦᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠱᠧᠨᠴᠢᠣᠸᠠᠨ ᠨᠡᠶᠢᠭᠡᠮ ᠲᠣᠭᠤᠷᠢᠭ ᠤᠨ ︽ᠤᠨᠢᠨ ᠳᠡᠭᠡᠷ᠎ᠡ ᠨᠢ ᠠᠪᠤᠷᠠᠨ ᠲᠤᠰᠠᠯᠠᠬᠤ᠂  ᠬᠠᠶᠢᠷ᠎ᠡ ᠬᠠᠯᠠᠮᠵᠢ ᠬᠦᠷᠳᠡᠭᠡᠬᠦ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠤᠨᠢᠨ ᠳᠡᠭᠡᠷ᠎ᠡ ᠨᠢ᠂ ᠴᠠᠭ ᠲᠤᠬᠠᠢ ᠳᠤᠨᠢ ᠬᠠᠪᠰᠤᠷᠴᠤ᠂ ᠨᠢᠭᠡ ᠨᠢᠭᠡ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠷᠠᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号