ᠤᠯᠠᠨ ᠲᠦᠮᠡᠨ ᠤ ᠴᠠᠬᠢᠯᠭᠠᠨ ᠬᠦᠴᠦ᠂ ᠴᠠᠬᠢᠯᠭᠠᠨ ᠬᠤᠯᠪᠤᠭ᠎ᠠ᠂ ᠷᠠᠳᠢᠤ᠋ ᠲᠧᠯᠸᠢᠰ ᠤᠨ ᠲᠦᠬᠦᠭᠡᠷᠦᠮᠵᠢ ᠶᠢᠨ ᠠᠮᠦᠷ | ᠲᠦᠪᠰᠢᠨ ᠢ ᠬᠠᠮᠠᠭᠠᠯᠠᠬᠤ ᠤᠬᠠᠮᠰᠠᠷ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠪᠦᠬᠦ ᠠᠷᠠᠳ ᠢᠶᠠᠷ ᠢᠶᠠᠷ ︽ᠭᠤᠷᠪᠠᠨ | ᠴᠠᠬᠢᠯᠭᠠᠨ︾ ᠤ ᠲᠦᠬᠦᠭᠡᠷᠦᠮᠵᠢ ᠶᠢ ᠬᠠᠮᠠᠭᠠᠯᠠᠬᠤ ᠰᠢᠯᠢᠳᠡᠭ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠬᠡ᠂ | ᠤᠶᠢᠷ᠎ᠠ ᠶᠢᠨ ᠡᠳᠦᠷ᠂ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠠᠮᠦᠷ ᠢ ᠬᠠᠮᠠᠭᠠᠯᠠᠬᠤ | ᠬᠠᠮᠢᠶᠠᠷᠦᠯᠳᠠ ᠶᠢᠨ ᠶᠡᠭᠡ ᠠᠩᠬᠢ᠂ ᠲᠤᠮᠳᠠᠳᠤ ᠤᠯᠤᠰ ᠤᠨ ᠰᠢᠯᠵᠢᠮᠡᠯ ᠬᠤᠯᠪᠤᠭ᠎ᠠ ᠶᠢᠨ ᠷᠠᠰᠢᠶᠠᠨ ᠬᠤᠪᠢᠶᠠᠷᠢ ᠺᠤᠮᠫᠠᠨᠢ ᠲᠠᠢ | ᠬᠤᠯᠪᠤᠭᠠᠯᠠᠨ᠂ ︽ᠭᠤᠷᠪᠠᠨ ᠴᠠᠬᠢᠯᠭᠠᠨ︾ ᠤ ᠲᠦᠬᠦᠬᠡᠷᠦᠮᠵᠢ ᠶᠢᠨ ᠠᠮᠦᠷ ᠲᠦᠪᠰᠢᠨ ᠢ ᠬᠠᠮᠠᠭᠠᠯᠠᠬᠤ ᠤᠬᠠᠭᠤᠯᠭ᠎ᠠ ᠶᠢᠨ | ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | ᠠᠵᠢᠯᠯᠠᠭ᠎ᠠ ᠳᠤ᠂ ᠠᠷᠠᠳ ᠤᠨ ᠴᠠᠬᠳᠠᠭ᠎ᠠ ᠬᠦᠨᠳᠡᠯᠡᠨ ᠪᠢᠴᠢᠬᠡᠰᠦ ᠡᠯᠬᠦᠬᠦ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠲᠤᠬᠠᠢ ᠶᠢᠨ ᠲᠠᠯᠠᠪᠦᠷ ᠲᠤ ᠠᠰᠠᠭᠤᠯᠳᠠ ᠬᠠᠷᠢᠭᠤᠯᠬᠤ᠂ ᠬᠡᠷᠡᠭ ᠶᠢᠨ ᠵᠢᠱᠢᠶ᠎ᠡ ᠶᠢ ᠲᠠᠶᠢᠯᠪᠦᠷᠢᠯᠠᠬᠤ ᠵᠡᠷᠭᠡ | ᠤᠯᠠᠨ ᠵᠦᠢᠯ ᠤᠨ ᠬᠡᠯᠪᠡᠷᠢ ᠪᠠᠷ ᠤᠯᠠᠨ ᠲᠦᠮᠡᠨ ᠳᠤ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢᠨ ᠠᠮᠦᠷ | ᠲᠦᠪᠰᠢᠨ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠢ ᠤᠬᠠᠭᠤᠯᠵᠦ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢ | ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠬᠳᠠᠭᠠᠯ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢ | ᠬᠤᠯᠠᠭᠠᠶᠢᠯᠠᠵᠦ ᠡᠪᠳᠡᠪᠡᠯ ᠤᠯᠤᠰ᠂ ᠠᠷᠠᠳ ᠲᠦᠮᠡᠨ ᠤ ᠠᠮᠢᠳᠦᠷᠠᠯ ᠳᠤ ᠦᠵᠡᠬᠦᠯᠬᠦ ᠬᠤᠤᠷ ᠬᠦᠨᠦᠬᠡᠯ ᠵᠢᠴᠢ ᠡᠬᠦᠷᠬᠡᠯᠡᠬᠦ | ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠢ ᠦᠷᠬᠡᠨ ᠢᠶᠠᠷ ᠤᠬᠠᠭᠤᠯᠭ᠎ᠠ ᠬᠢᠭᠰᠡᠨ ᠪᠠᠶᠢᠨ᠎ᠠ᠃ ᠪᠠᠰᠠ ᠤᠯᠠᠨ | ᠲᠦᠮᠡᠨ ᠢ ᠲᠠᠶᠢᠴᠢᠯᠠᠨ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢᠨ ᠠᠮᠦᠷ ᠲᠦᠪᠰᠢᠨ ᠢ ᠬᠠᠮᠠᠭᠠᠯᠠᠬᠤ ᠠᠵᠢᠯ ᠳᠤ | ᠢᠳᠡᠪᠬᠢᠳᠡᠢ ᠤᠷᠤᠯᠴᠠᠵᠦ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢ ᠬᠤᠯᠠᠭᠠᠶᠢᠯᠠᠵᠦ ᠡᠪᠳᠡᠬᠦ ᠬᠠᠤᠯᠢ ᠠᠴᠠ | ᠵᠦᠷᠢᠴᠡᠭᠰᠡᠨ ᠶᠠᠯᠠᠳᠤ ᠠᠵᠢᠯᠯᠠᠭ᠎ᠠ ᠶᠢ ᠢᠳᠡᠪᠬᠢᠳᠡᠢ ᠢᠯᠡᠴᠢᠯᠡᠨ ᠮᠡᠳᠡᠬᠦᠯᠬᠦ ᠶᠢ ᠰᠠᠨᠠᠭᠠᠴᠢᠯᠠᠬᠰᠠᠨ ᠪᠠᠶᠢᠨ᠎ᠠ᠃ | ᠲᠤᠰ ᠤᠳᠠᠭᠠᠨ ᠤ ᠤᠬᠠᠭᠤᠯᠭ᠎ᠠ ᠳᠤ ᠨᠡᠶᠢᠳᠡ 240 ᠭᠠᠷᠦᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠦ᠂ | ᠤᠬᠠᠭᠤᠯᠭ᠎ᠠ ᠶᠢᠨ ᠬᠦᠨᠳᠡᠯᠡᠨ ᠪᠢᠴᠢᠬᠡᠰᠦ 2 ᠡᠯᠬᠦᠵᠦ᠂ 30 ᠭᠠᠷᠦᠢ ᠬᠦᠮᠦᠨ ᠤ ᠠᠰᠠᠭᠤᠨ ᠯᠠᠪᠯᠠᠯᠳᠠ ᠳᠤ ᠬᠠᠷᠢᠭᠤᠯᠳᠠ | ᠦᠭᠴᠦ᠂ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠭᠤᠯᠤᠨ᠂ ᠤᠯᠠᠨ ᠲᠦᠮᠡᠨ ᠤ ︽ᠭᠤᠷᠪᠠᠨ | ᠴᠠᠬᠢᠯᠭᠠᠨ︾ ᠤ ᠲᠦᠬᠦᠭᠡᠷᠦᠮᠵᠢ ᠶᠢ ᠬᠤᠯᠠᠭᠠᠶᠢᠯᠠᠨ ᠡᠪᠳᠡᠭᠰᠡᠨ ᠶᠠᠯᠠᠳᠤ ᠠᠵᠢᠯᠯᠠᠭ᠎ᠠ ᠶᠢ ᠢᠯᠡᠴᠢᠯᠡᠨ ᠮᠡᠳᠡᠬᠦᠯᠬᠦ | ᠢᠳᠡᠪᠬᠢᠵᠢᠯ ᠢ ᠨᠢ ᠪᠦᠷᠢᠮᠦᠰᠦᠨ ᠲᠠᠶᠢᠴᠢᠯᠠᠵᠦ᠂ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠤᠨ ︽ᠭᠤᠷᠪᠠᠨ ᠴᠠᠬᠢᠯᠭᠠᠨ︾ ᠤ | ᠲᠦᠬᠦᠭᠡᠷᠦᠮᠵᠢ ᠶᠢ ᠬᠤᠯᠠᠭᠠᠶᠢᠯᠠᠨ ᠡᠪᠳᠡᠬᠦ ᠶᠠᠯᠠᠳᠤ ᠠᠵᠢᠯᠯᠠᠭ᠎ᠠ ᠶᠢ ᠰᠦᠷᠳᠡᠬᠦᠯᠬᠦ ᠬᠦᠴᠦᠨ ᠢ ᠪᠦᠳᠦᠮᠵᠢᠳᠡᠢ | ᠲᠡᠭᠡᠭᠰᠢᠯᠡᠬᠦᠯᠵᠦ᠂ ᠤᠯᠠᠨ ᠲᠦᠮᠡᠨ ᠤ ︽ᠭᠤᠷᠪᠠᠨ ᠴᠠᠬᠢᠯᠭᠠᠨ︾ ᠤᠨ ᠲᠦᠬᠦᠭᠡᠷᠦᠮᠵᠢ ᠶᠢᠨ ᠠᠮᠦᠷ ᠲᠦᠪᠰᠢᠨ ᠤ | ᠬᠠᠮᠠᠭᠠᠯᠠᠯᠳᠠ ᠶᠢᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠳᠠ ᠶᠢ ᠲᠡᠭᠡᠭᠰᠢᠯᠡᠬᠦᠯᠵᠦ᠂ ᠠᠮᠦᠷ ᠲᠦᠪᠰᠢᠨ ᠤ | ᠤᠬᠠᠮᠰᠠᠷ ᠢ ᠴᠢᠩᠭᠠᠷᠠᠭᠤᠯᠵᠦ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢᠨ ᠠᠮᠦᠷ ᠲᠦᠪᠰᠢᠨ ᠢᠶᠠᠷ | ᠠᠵᠢᠯᠯᠠᠭᠤᠯᠬᠤ ᠳᠤ ᠰᠢᠯᠢᠳᠡᠭ ᠨᠡᠶᠢᠬᠡᠮ ᠤᠨ ᠠᠮᠦᠷ ᠲᠤᠬᠳᠠᠭᠤᠨ ᠤᠷᠴᠢᠨ ᠲᠤᠭᠤᠷᠢᠨ ᠢ ᠪᠦᠷᠢᠯᠳᠦᠬᠦᠯᠵᠦ ᠦᠭᠬᠦᠭᠰᠡᠨ | ᠪᠠᠶᠢᠨ᠎ᠠ᠃ | | | ᠵᠢᠷᠤᠭ ᠪᠤᠯ᠂ ᠠᠷᠠᠳ ᠤᠨ ᠴᠠᠬᠳᠠᠭ᠎ᠠ ᠠᠮᠦᠷ ᠲᠦᠪᠰᠢᠨ ᠤ ᠤᠬᠠᠭᠤᠯᠭ᠎ᠠ ᠬᠢᠵᠦ ᠪᠤᠢ᠃ ︵ᠰᠡᠷᠬᠦᠯᠡᠩ︶ | | | | |