ᠸᠠᠩ ᠰᠢᠶᠤᠤ ᠬᠤᠸᠠᠨ ᠷᠠᠰᠢᠶᠠᠨ ᠲᠡᠭᠡᠳᠣ ᠱᠠᠳᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠲᠤᠰᠬᠠᠢ ᠰᠡᠳᠦᠪᠲᠦ ᠲᠤᠬᠢᠷᠠᠭᠤᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/21
     5 ᠳ᠋ᠤᠭᠠᠷ ᠰᠠᠷ᠎ᠠ ᠶᠢᠨ 20 ᠤ ᠡᠳᠦᠷ᠂  ᠷᠠᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠷᠠᠰᠢᠶᠠᠨ ᠬᠤᠲᠠ ᠶᠢᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠡᠯ᠎ᠡ  ᠵᠣᠶᠢᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠸᠠᠩ ᠰᠢᠶᠤᠤ ᠬᠤᠸᠠᠨ᠂ ᠡᠯ᠎ᠡ ᠬᠠᠷᠢᠭᠤᠴᠠᠯᠭᠠᠲᠤ ᠨᠢᠭᠡᠴᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠣᠰ ᠠᠵᠢᠯ ᠲᠥᠷᠥᠯ᠂ ᠲᠣᠰ ᠰᠢᠰᠲ᠋ᠧᠮ᠂ ᠲᠣᠰ ᠬᠠᠷᠢᠶ᠎ᠠ ᠣᠷᠣᠨ ᠤ ᠣᠷᠴᠢᠨ ᠲᠣᠭᠤᠷᠢᠨ ᠤ ᠠᠰᠠᠭᠤᠳᠠᠯ ᠢ ᠪᠥᠬᠦ ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠵᠤ᠂ ᠦᠨᠡᠨ ᠬᠦ ᠥᠭᠡᠷᠡᠴᠢᠯᠡᠬᠦ᠂ ᠲᠦᠢᠯᠪᠤᠷᠢᠲᠠᠶ ᠥᠭᠡᠷᠡᠴᠢᠯᠡᠬᠦ ᠶᠢ ᠡᠷᠡᠰ ᠪᠡᠶᠡᠯᠡᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠠᠴᠠ ᠵᠦᠢᠴᠢᠯᠡᠵᠦ ᠨᠦᠬᠦᠭᠡ ᠶᠢ ᠮᠦᠷᠳᠡᠨ ᠣᠯᠬᠤ᠂ ︽ᠤᠳᠤ ᠶᠢᠨ ᠪᠠᠶᠢᠳᠠᠯ ᠳᠤ ᠥᠭᠡᠷᠡᠴᠢᠯᠡᠯᠲᠡ ᠬᠢᠬᠦ︾ ᠪᠠ ︽ᠤᠷᠳᠤ ᠬᠤᠭᠤᠴᠠᠭ᠎ᠠ ᠪᠠᠷ ᠥᠭᠡᠷᠡᠴᠢᠯᠡᠯᠲᠡ ᠬᠢᠬᠦ︾᠂ ︽ᠴᠡᠭ ᠳᠡᠭᠡᠷ᠎ᠡ ᠥᠭᠡᠷᠡᠴᠢᠯᠡᠯᠲᠡ ᠬᠢᠬᠦ︾ ᠪᠠ ︽ᠦᠨᠳᠦᠰᠦᠨ ᠠᠴᠠ ᠨᠢ ᠲᠣᠭᠲᠠᠭᠠᠬᠤ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮᠳᠣ ᠵᠠᠰᠠᠯᠲᠠ᠂ ᠶᠡᠷᠦᠩᠬᠡᠢ ᠵᠠᠰᠠᠯᠲᠠ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠷᠠᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠰᠤ ᠴᠢᠨᠠᠷ ᠪᠣᠯᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯᠤᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠵᠤ ᠂ ᠪᠦᠬᠦ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠭᠦᠨᠵᠡᠭᠡᠢ ᠠᠭᠤᠳᠠᠯᠵᠤ᠂ ᠠᠷᠠᠳ ᠤᠯᠠᠨ ᠳᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢᠨ ᠠᠰᠢᠭ ᠲᠣᠰᠠ ᠶᠢ ᠦᠨᠡᠨ ᠬᠦ  ᠬᠦᠷᠳᠡᠭᠡᠬᠦ ᠬᠡᠷᠡᠭᠲᠡᠢ ᠭᠡᠵᠣ ᠴᠢᠬᠤᠯᠠᠴᠢᠯᠠᠵᠡᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号