ᠶᠠᠩ ᠶᠦᠩ ᠵᠢᠦ ᠪᠡᠭᠡᠵᠢᠩ ᠳᠤ ᠭᠤᠤᠯᠳᠠᠯᠭ᠎ᠠ ᠲᠠᠢ ᠠᠵᠤ ᠠᠬᠤᠶᠢᠯᠠᠯ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/5/21
     5 ᠰᠠᠷ᠎ᠠ ᠶᠢᠨ 19 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠪᠡᠭᠡᠵᠢᠩ ᠬᠤᠲᠠ ᠳᠤ ᠥᠪᠥᠷ ᠮᠣᠩᠭᠤᠯ ᠤᠨ ᠵᠢᠤᠢ ᠰᠢᠶᠠᠩ ᠪᠠᠷᠢᠯᠭ᠎ᠠ ᠶᠢᠨ ᠣᠶᠢᠯᠡᠰ ᠤᠨ ᠺᠣᠮᠫᠠᠨᠢ ᠶᠢᠨ ᠶᠡᠷᠦᠩᠬᠡᠶ ᠳᠠᠭᠠᠭᠠᠮᠠᠯ ᠰᠢᠶᠤᠤ ᠪᠢᠩ᠂ ᠱᠧᠩ ᠳ᠋ᠢ ᠣᠯᠠᠨ ᠤᠯᠤᠰ ᠤᠨ ᠪᠠᠷᠢᠯᠭ᠎ᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠪᠠᠷᠢᠯᠭ᠎ᠠ ᠶᠢᠨ ᠯᠢ ᠸᠧᠨ ᠢᠨᠵᠧᠨᠧᠷ  ᠲᠠᠢ ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ᠃      ᠶᠠᠩ ᠶᠦᠩ ᠵᠢᠦ᠂ ᠭᠤᠤᠯᠳᠠᠯᠭ᠎ᠠ ᠲᠠᠢ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠪᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠪᠥᠬᠦ ᠬᠤᠲᠠ ᠶᠢᠨ ᠲᠣᠭᠲᠠᠮᠠᠯ ᠪᠠᠯᠠ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠬᠤ ᠬᠦᠴᠦᠲᠡᠶ ᠲᠦᠰᠢᠭ ᠲᠤᠯᠭᠠᠭᠤᠷᠢ ᠮᠥᠨ᠃ ᠠᠵᠤ ᠠᠬᠤᠶᠢᠯᠠᠯ ᠤᠳ ᠵᠢᠷᠤᠭ ᠲᠥᠯᠥᠪᠯᠡᠭᠡ ᠶᠢᠨ ᠲᠥᠰᠦᠯ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠶᠢ ᠴᠢᠩᠭᠠᠷᠠᠭᠤᠯᠤᠨ᠂ ᠭᠠᠷᠳᠠᠮ ᠬᠦ᠋ᠶᠢᠴᠡᠳᠬᠡᠬᠦ᠂ ᠪᠠᠷᠢᠯᠭ᠎ᠠ ᠪᠠᠷᠢᠬᠤ ᠪᠡᠯᠡᠳᠬᠡᠯ ᠵᠡᠷᠭᠡ ᠠᠵᠢᠯ ᠢ ᠵᠡᠷᠭᠡ ᠪᠠᠷ ᠠᠬᠢᠭᠤᠯᠣᠨ᠂ ᠴᠠᠭ ᠢ ᠠᠮᠵᠢᠨ᠂ ᠲᠦᠷᠭᠡᠨ ᠠᠵᠢᠯᠯᠠᠬᠤ ᠶᠢ ᠴᠢᠩᠭᠠᠳᠬᠠᠵᠣ᠂  ᠲᠣᠭᠲᠠᠭᠰᠠᠨ ᠬᠤᠭᠤᠴᠠᠭᠠᠨ ᠳᠠᠭᠠᠨ ᠲᠥᠷᠥᠯ ᠵᠣᠶᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨ ᠬᠦ ᠪᠠᠲᠤᠯᠠᠵᠤ᠂ ᠳᠡᠭᠡᠳᠦ ᠲᠠᠰ ᠤᠨ ᠵᠢᠱᠢᠶ᠎ᠡ ᠦᠵᠡᠭᠦᠯᠦᠨ ᠲᠠᠶᠢᠴᠢᠯᠡᠨ ᠳᠠᠭᠠᠭᠤᠯᠬᠤ ᠰᠣᠳᠣᠨ ᠢᠨᠵᠧᠨᠧᠷᠢᠩ ᠢ ᠴᠢᠷᠮᠠᠶᠢᠨ ᠪᠠᠶᠢᠭᠤᠯᠬᠤ ᠬᠡᠷᠡᠭᠲᠡᠶ ᠭᠡᠵᠡᠢ᠃      ᠳᠠᠭᠠᠭᠠᠮᠠᠯ ᠰᠢᠶᠤᠤ ᠪᠢᠩ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠨᠤᠲᠤᠭ ᠪᠡ ᠠᠵᠤ ᠠᠬᠤᠶᠢᠯᠠᠯ ᠤᠨ ᠬᠠᠮᠲᠤᠪᠠᠷ ᠬᠥᠭᠵᠢᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃      ᠬᠤᠳᠠ ᠶᠢᠨ ᠤᠳᠤᠷᠢᠳᠤᠯᠭ᠎ᠠ ᠬᠠᠨ ᠴᠠᠩ ᠵᠢᠦ ᠬᠤᠷᠠᠯ ᠳᠤ ᠣᠷᠣᠯᠴᠠᠵᠤ ᠰᠠᠨᠠᠯ ᠢᠶᠠᠨ ᠰᠣᠯᠢᠯᠴᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号