ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠮᠦᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2024/5/21
     ᠤᠯᠠᠨ ᠲᠦᠮᠡᠨ ᠤ ᠴᠠᠬᠢᠯᠭᠠᠨ ᠬᠦᠴᠦ᠂ ᠴᠠᠬᠢᠯᠭᠠᠨ ᠬᠤᠯᠪᠤᠭ᠎ᠠ᠂ ᠷᠠᠳᠢᠤ᠋ ᠲᠧᠯᠸᠢᠰ ᠤᠨ ᠲᠦᠬᠦᠭᠡᠷᠦᠮᠵᠢ ᠶᠢᠨ ᠠᠮᠦᠷ ᠲᠦᠪᠰᠢᠨ ᠢ ᠬᠠᠮᠠᠭᠠᠯᠠᠬᠤ ᠤᠬᠠᠮᠰᠠᠷ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠪᠦᠬᠦ ᠠᠷᠠᠳ ᠢᠶᠠᠷ ᠢᠶᠠᠷ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢ ᠬᠠᠮᠠᠭᠠᠯᠠᠬᠤ ᠰᠢᠯᠢᠳᠡᠭ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠬᠡ᠂ ᠤᠶᠢᠷ᠎ᠠ ᠶᠢᠨ ᠡᠳᠦᠷ᠂ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠠᠮᠦᠷ ᠢ ᠬᠠᠮᠠᠭᠠᠯᠠᠬᠤ ᠬᠠᠮᠢᠶᠠᠷᠦᠯᠳᠠ ᠶᠢᠨ ᠶᠡᠭᠡ ᠠᠩᠬᠢ᠂ ᠲᠤᠮᠳᠠᠳᠤ ᠤᠯᠤᠰ ᠤᠨ ᠰᠢᠯᠵᠢᠮᠡᠯ ᠬᠤᠯᠪᠤᠭ᠎ᠠ ᠶᠢᠨ ᠷᠠᠰᠢᠶᠠᠨ ᠬᠤᠪᠢᠶᠠᠷᠢ ᠺᠤᠮᠫᠠᠨᠢ ᠲᠠᠢ ᠬᠤᠯᠪᠤᠭᠠᠯᠠᠨ᠂ ︽ᠭᠤᠷᠪᠠᠨ ᠴᠠᠬᠢᠯᠭᠠᠨ︾ ᠤ ᠲᠦᠬᠦᠬᠡᠷᠦᠮᠵᠢ ᠶᠢᠨ ᠠᠮᠦᠷ ᠲᠦᠪᠰᠢᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃      ᠠᠵᠢᠯᠯᠠᠭ᠎ᠠ ᠳᠤ᠂ ᠠᠷᠠᠳ ᠤᠨ ᠴᠠᠬᠳᠠᠭ᠎ᠠ ᠬᠦᠨᠳᠡᠯᠡᠨ ᠪᠢᠴᠢᠬᠡᠰᠦ ᠡᠯᠬᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠦᠷ ᠲᠤ ᠠᠰᠠᠭᠤᠯᠳᠠ ᠬᠠᠷᠢᠭᠤᠯᠬᠤ᠂ ᠬᠡᠷᠡᠭ ᠶᠢᠨ ᠵᠢᠱᠢᠶ᠎ᠡ ᠶᠢ ᠲᠠᠶᠢᠯᠪᠦᠷᠢᠯᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠤᠯᠠᠨ ᠲᠦᠮᠡᠨ ᠳᠤ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢᠨ ᠠᠮᠦᠷ ᠲᠦᠪᠰᠢᠨ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠢ ᠤᠬᠠᠭᠤᠯᠵᠦ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠬᠳᠠᠭᠠᠯ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢ ᠬᠤᠯᠠᠭᠠᠶᠢᠯᠠᠵᠦ ᠡᠪᠳᠡᠪᠡᠯ ᠤᠯᠤᠰ᠂ ᠠᠷᠠᠳ ᠲᠦᠮᠡᠨ ᠤ ᠠᠮᠢᠳᠦᠷᠠᠯ ᠳᠤ ᠦᠵᠡᠬᠦᠯᠬᠦ ᠬᠤᠤᠷ ᠬᠦᠨᠦᠬᠡᠯ ᠵᠢᠴᠢ ᠡᠬᠦᠷᠬᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠢ ᠦᠷᠬᠡᠨ ᠢᠶᠠᠷ ᠤᠬᠠᠭᠤᠯᠭ᠎ᠠ ᠬᠢᠭᠰᠡᠨ ᠪᠠᠶᠢᠨ᠎ᠠ᠃ ᠪᠠᠰᠠ ᠤᠯᠠᠨ ᠲᠦᠮᠡᠨ ᠢ ᠲᠠᠶᠢᠴᠢᠯᠠᠨ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢᠨ ᠠᠮᠦᠷ ᠲᠦᠪᠰᠢᠨ ᠢ ᠬᠠᠮᠠᠭᠠᠯᠠᠬᠤ ᠠᠵᠢᠯ ᠳᠤ ᠢᠳᠡᠪᠬᠢᠳᠡᠢ ᠤᠷᠤᠯᠴᠠᠵᠦ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢ ᠬᠤᠯᠠᠭᠠᠶᠢᠯᠠᠵᠦ ᠡᠪᠳᠡᠬᠦ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢ ᠢᠳᠡᠪᠬᠢᠳᠡᠢ ᠢᠯᠡᠴᠢᠯᠡᠨ ᠮᠡᠳᠡᠬᠦᠯᠬᠦ ᠶᠢ ᠰᠠᠨᠠᠭᠠᠴᠢᠯᠠᠬᠰᠠᠨ ᠪᠠᠶᠢᠨ᠎ᠠ᠃      ᠲᠤᠰ ᠤᠳᠠᠭᠠᠨ ᠤ ᠤᠬᠠᠭᠤᠯᠭ᠎ᠠ ᠳᠤ ᠨᠡᠶᠢᠳᠡ 240 ᠭᠠᠷᠦᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠦ᠂ ᠤᠬᠠᠭᠤᠯᠭ᠎ᠠ ᠶᠢᠨ ᠬᠦᠨᠳᠡᠯᠡᠨ ᠪᠢᠴᠢᠬᠡᠰᠦ 2 ᠡᠯᠬᠦᠵᠦ᠂ 30 ᠭᠠᠷᠦᠢ ᠬᠦᠮᠦᠨ ᠤ ᠠᠰᠠᠭᠤᠨ ᠯᠠᠪᠯᠠᠯᠳᠠ ᠳᠤ ᠬᠠᠷᠢᠭᠤᠯᠳᠠ ᠦᠭᠴᠦ᠂ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠭᠤᠯᠤᠨ᠂ ᠤᠯᠠᠨ ᠲᠦᠮᠡᠨ ᠤ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢ ᠬᠤᠯᠠᠭᠠᠶᠢᠯᠠᠨ ᠡᠪᠳᠡᠭᠰᠡᠨ ᠶᠠᠯᠠᠳᠤ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠢᠳᠡᠪᠬᠢᠵᠢᠯ ᠢ ᠨᠢ ᠪᠦᠷᠢᠮᠦᠰᠦᠨ ᠲᠠᠶᠢᠴᠢᠯᠠᠵᠦ᠂ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠤᠨ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢ ᠬᠤᠯᠠᠭᠠᠶᠢᠯᠠᠨ ᠡᠪᠳᠡᠬᠦ ᠶᠠᠯᠠᠳᠤ ᠠᠵᠢᠯᠯᠠᠭ᠎ᠠ ᠶᠢ ᠰᠦᠷᠳᠡᠬᠦᠯᠬᠦ ᠬᠦᠴᠦᠨ ᠢ ᠪᠦᠳᠦᠮᠵᠢᠳᠡᠢ ᠲᠡᠭᠡᠭᠰᠢᠯᠡᠬᠦᠯᠵᠦ᠂ ᠤᠯᠠᠨ ᠲᠦᠮᠡᠨ ᠤ ︽ᠭᠤᠷᠪᠠᠨ ᠴᠠᠬᠢᠯᠭᠠᠨ︾ ᠤᠨ ᠲᠦᠬᠦᠭᠡᠷᠦᠮᠵᠢ ᠶᠢᠨ ᠠᠮᠦᠷ ᠲᠦᠪᠰᠢᠨ ᠤ ᠬᠠᠮᠠᠭᠠᠯᠠᠯᠳᠠ ᠶᠢᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠳᠠ ᠶᠢ ᠲᠡᠭᠡᠭᠰᠢᠯᠡᠬᠦᠯᠵᠦ᠂ ᠠᠮᠦᠷ ᠲᠦᠪᠰᠢᠨ ᠤ ᠤᠬᠠᠮᠰᠠᠷ ᠢ ᠴᠢᠩᠭᠠᠷᠠᠭᠤᠯᠵᠦ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢᠨ ᠠᠮᠦᠷ ᠲᠦᠪᠰᠢᠨ ᠢᠶᠠᠷ ᠠᠵᠢᠯᠯᠠᠭᠤᠯᠬᠤ ᠳᠤ ᠰᠢᠯᠢᠳᠡᠭ ᠨᠡᠶᠢᠬᠡᠮ ᠤᠨ ᠠᠮᠦᠷ ᠲᠤᠬᠳᠠᠭᠤᠨ ᠤᠷᠴᠢᠨ ᠲᠤᠭᠤᠷᠢᠨ ᠢ ᠪᠦᠷᠢᠯᠳᠦᠬᠦᠯᠵᠦ ᠦᠭᠬᠦᠭᠰᠡᠨ ᠪᠠᠶᠢᠨ᠎ᠠ᠃
     ᠵᠢᠷᠤᠭ ᠪᠤᠯ᠂ ᠠᠷᠠᠳ ᠤᠨ ᠴᠠᠬᠳᠠᠭ᠎ᠠ ᠠᠮᠦᠷ ᠲᠦᠪᠰᠢᠨ ᠤ ᠤᠬᠠᠭᠤᠯᠭ᠎ᠠ ᠬᠢᠵᠦ ᠪᠤᠢ᠃ ︵ᠰᠡᠷᠬᠦᠯᠡᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号