ᠪᠠᠢ ᠯᠠᠩ ᠬᠠᠤᠯᠢ ᠴᠠᠭᠠᠵᠠ ᠶᠢᠨ ᠭᠠᠵᠠᠷ ᠵᠡᠮᠳᠡᠭᠴᠦᠳ ᠢ ᠲᠤᠰᠠᠯᠠᠬᠤ ᠡᠳᠦᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ  ᠬᠢᠪᠡ
ᠨᠡᠶᠢᠲᠡᠯᠡᠭᠰᠡᠨ ᠴᠠᠭ᠄
2024/5/23
     ᠵᠡᠮᠳᠡᠭᠴᠦᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠶᠢ ᠰᠠᠨᠠᠭᠠᠴᠢᠯᠠᠨ᠂ ᠵᠡᠮᠳᠡᠭᠴᠦᠳ ᠤᠨ ᠬᠠᠤᠯᠢ ᠶᠢ ᠬᠦᠨᠳᠦᠳᠬᠡᠬᠦ ᠬᠠᠣᠯᠢ ᠶᠢ ᠰᠣᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂  ᠷᠡᠰᠢᠶᠠᠨ ᠬᠤᠳᠡ ᠶᠢᠨ ᠪᠠᠢ ᠯᠠᠩ ᠬᠠᠤᠯᠢ ᠴᠠᠭᠠᠵᠠ ᠶᠢᠨ ᠭᠠᠵᠠᠷ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠪᠡ᠃      ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠵᠡᠮᠳᠡᠭᠴᠦᠳ ᠤᠨ ᠠᠵᠢᠯᠲᠠᠳ ᠲᠤ ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ ᠬᠥᠮᠦᠵᠢᠯ ᠤᠨ ᠪᠣᠯᠪᠠᠰᠤᠷᠠᠯ ᠦᠷᠨᠢᠬᠦᠯᠵᠤ᠂ ᠠᠵᠢᠯᠲᠠᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠯᠭᠠᠷᠠᠭᠰᠠᠨ ᠶᠡᠷᠦᠩᠬᠡᠢ ᠬᠡᠪ ᠪᠣᠯᠪᠠᠰᠤᠷᠠᠯ ᠲᠠᠢ ᠪᠠᠶᠢᠬᠤ ᠶᠢ ᠱᠠᠭᠠᠷᠳᠠᠵᠤ᠂ ᠵᠡᠮᠳᠡᠭᠴᠦᠳ ᠲᠤ ᠨᠠᠩ ᠥᠨᠳᠥᠷ ᠪᠦᠲᠦᠮᠵᠢᠲᠡᠶ ᠳᠥᠭᠦᠮ ᠳᠥᠲᠡ ᠬᠠᠤᠯᠢ ᠴᠠᠭᠠᠵᠠ ᠶᠢᠨ ᠤᠶᠢᠯᠡᠴᠢᠯᠡᠭᠡ ᠬᠠᠩᠭᠠᠬᠰᠠᠨ ᠪᠠᠶᠢᠨ᠎ᠠ᠃      ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠪᠠᠢ ᠯᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠬᠠᠤᠯᠢ ᠴᠠᠭᠠᠵᠠ ᠶᠢᠨ ᠭᠠᠵᠠᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠤᠨ ᠠᠵᠢᠯᠲᠠᠳ ᠢ ᠳᠠᠭᠠᠭᠤᠯᠤᠨ ᠡᠷᠬᠢᠨ ᠦᠵᠡᠵᠦ ᠲᠣᠬᠤᠨᠢᠭᠤᠯᠵᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ᠃ ᠠᠵᠢᠯᠲᠠᠳ ᠲᠣᠬᠤᠨᠢᠭᠤᠯᠬᠤ ᠪᠣᠳᠠᠰ ᠢ ᠵᠡᠮᠳᠡᠭᠴᠦᠳ ᠤᠨ ᠭᠠᠷ ᠲᠤ ᠬᠦᠷᠭᠡᠬᠦ ᠶᠢᠨ ᠬᠠᠮᠲᠤ ᠵᠡᠮᠳᠡᠭᠴᠦᠳ ᠲᠠᠢ ᠶᠠᠷᠢᠯᠴᠠᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ᠶᠢ ᠤᠬᠠᠭᠤᠯᠤᠨ ᠲᠦᠭᠡᠮᠡᠯᠵᠢᠭᠦᠯᠵᠦ᠂ ᠲᠡᠳᠡᠨ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠥᠪᠡᠷ ᠤᠨ ᠠᠮᠢ ᠨᠠᠰᠤᠨ ᠤ ᠠᠮᠤᠷ ᠲᠦᠪᠰᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢᠶᠠᠨ ᠬᠠᠮᠠᠭᠠᠯᠠᠬᠤ ᠶᠢ ᠠᠩᠬᠠᠷᠴᠤ᠂ ᠢᠲᠡᠭᠡᠯ ᠵᠣᠷᠢᠭ ᠢᠶᠠᠨ ᠬᠦᠪᠴᠢᠯᠡᠨ᠂ ᠠᠮᠢᠳᠤᠷᠠᠯ ᠳᠤ ᠢᠳᠡᠪᠬᠢᠲᠡᠶ ᠪᠠᠷ ᠬᠠᠨᠳᠤᠬᠤ ᠬᠡᠷᠡᠭᠲᠡᠶ ᠭᠡᠵᠦ ᠵᠣᠷᠢᠭᠵᠢᠭᠤᠯᠬᠤ ᠶᠢᠨ ᠬᠠᠮᠳᠣ ᠲᠠᠳᠡᠨᠣᠰ ᠢ ᠡᠳ᠋ ᠬᠦᠷᠦᠩᠭᠡ ᠪᠤᠶᠤ ᠪᠤᠰᠤᠳ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠶᠢ ᠬᠠᠤᠯᠢ ᠴᠠᠭᠠᠵᠠ ᠶᠢᠨ ᠠᠷᠭ᠎ᠠ ᠵᠡᠮ ᠢᠶᠠᠷ ᠰᠢᠢᠳᠪᠦᠷᠢᠯᠡᠬᠦ ᠶᠢ ᠰᠠᠨᠠᠭᠠᠴᠢᠯᠠᠵᠠᠢ᠃      ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠪᠠᠢ ᠯᠠᠩ ᠬᠠᠤᠯᠢ ᠴᠠᠭᠠᠵᠠ ᠶᠢᠨ ᠭᠠᠵᠠᠷ ᠤᠨ ᠬᠢᠨ ᠵᠡᠮᠳᠡᠭᠴᠦᠳ ᠤᠨ ᠬᠠᠤᠯᠢ ᠴᠠᠭᠠᠵᠠ ᠶᠢᠨ ᠡᠷᠬᠡ ᠠᠰᠢᠭ ᠢᠶᠠᠨ ᠬᠠᠮᠠᠭᠠᠯᠠᠬᠤ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠶᠢᠨ ᠬᠠᠮᠲᠤ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠨᠥᠬᠦᠴᠡᠯ᠂ ᠲᠠᠰ ᠳᠠᠷᠠᠭᠠᠯᠠᠯ ᠪᠠ ᠲᠤᠰᠠᠯᠠᠮᠵᠢ ᠦᠵᠡᠭᠦᠯᠬᠦ ᠬᠦᠷᠢᠶ᠎ᠡ ᠬᠡᠪᠴᠢᠶ᠎ᠡ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠲᠤᠯᠭᠠᠷᠠᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠴᠠᠢ᠃
 
ᠢᠷᠡᠯᠲᠡ᠄ ᠷᠡᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号