ᠶᠠᠩ ᠶᠦᠩ ᠵᠢᠦ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/23
     5 ᠰᠠᠷ᠎ᠠ ᠶᠢᠨ 21 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠸᠧᠨᠴᠢᠣᠸᠠᠨ ᠵᠡᠭᠡᠯᠢ ᠪᠠ ᠢᠷᠪᠢᠰ ᠭᠠᠵᠡᠷ ᠣᠷᠣᠨ ᠢᠶᠠᠷ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠭᠤᠤᠯᠳᠠᠯᠭ᠎ᠠ ᠲᠠᠢ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠣᠶᠢᠯᠡᠴᠢᠯᠡᠭᠡ᠂ ᠬᠤᠲᠠ ᠶᠢᠨ ᠴᠢᠬᠢ ᠮᠣᠳᠣᠨ ᠤ ᠬᠦᠷᠢᠶᠡᠯᠡᠩ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠣᠶᠢᠯᠠᠭᠠᠪᠠ᠃      ᠶᠠᠩ ᠶᠦᠩ ᠵᠢᠦ᠂ ᠪᠥᠬᠦ ᠬᠤᠲᠠ ᠪᠠᠷ ᠢᠶᠠᠨ ᠵᠢᠭᠤᠯᠴᠢᠯᠠᠯ ᠤᠨ ᠠᠵᠤ ᠣᠶᠢᠯᠡᠰ ᠤᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠨ ᠪᠠᠲᠤᠯᠠᠵᠤ᠂ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠨ᠂ ᠲᠠᠢ ᠺᠠᠩ ᠤᠷᠠᠯᠢᠭ ᠤᠨ ᠲᠥᠪ᠂ ᠱᠧᠩ ᠴᠢᠤᠸᠠᠨ ᠰᠤᠪᠢᠯᠠᠯᠲᠠ ᠶᠢᠨ ᠲᠥᠪ᠂ ᠶᠢᠨ ᠵᠢᠶᠠᠩ ᠭᠧᠤ ᠬᠠᠯᠠᠭᠤᠨ ᠷᠠᠰᠢᠶᠠᠨ ᠤ ᠠᠮᠠᠷᠠᠯᠲᠠ ᠶᠢᠨ ᠪᠠᠭᠤᠳᠠᠯ ᠵᠡᠷᠭᠡ ᠭᠤᠤᠯᠳᠠᠯᠭ᠎ᠠ ᠲᠠᠢ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠶᠠᠰᠤ ᠴᠢᠨᠠᠷ ᠤᠨ ᠪᠣᠭᠤᠮᠲᠠ ᠪᠠ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠳᠡᠭᠡᠳᠦ ᠲᠠᠰ ᠤᠨ ᠵᠢᠭᠤᠯᠴᠢᠯᠠᠯ ᠤᠨ ᠰᠢᠨ᠎ᠡ ᠣᠶᠢᠯᠡᠳᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠬᠤᠲᠠ ᠶᠢᠨ ᠴᠢᠬᠢ ᠮᠣᠳᠣᠨ ᠤ ᠬᠦᠷᠢᠶᠡᠯᠡᠩ ᠤᠨ ᠠᠵᠢᠯ ᠢ ᠦᠷᠭᠦᠯᠵᠢᠯᠡᠨ ᠠᠬᠢᠭᠤᠯᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ ᠬᠠᠮᠢᠶᠠᠷᠬᠤ ᠪᠠᠷ ᠳᠠᠮᠵᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠬᠤᠲᠠ ᠶᠢᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠠᠶᠢᠨ ᠰᠠᠶᠢᠬᠠᠨ ᠵᠢᠭᠤᠯᠴᠢᠯᠠᠯ ᠤᠨ ᠬᠤᠲᠠ ᠶᠢᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ᠂ ᠤᠯᠠᠨ ᠲᠦᠮᠡᠨ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠵᠦ᠂ ᠬᠡᠷᠡᠭ ᠡᠷᠬᠢᠯᠡᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠦᠷ᠎ᠡ ᠪᠦᠲᠦᠮᠵᠢ ᠪᠠᠷ ᠨᠡᠩ ᠥᠨᠳᠥᠷ᠂ ᠦᠢᠯᠡᠴᠢᠯᠡᠭᠡ ᠪᠠᠷ ᠨᠡᠩ ᠰᠢᠯᠢᠳᠡᠭ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ ᠂ ︽ᠲᠠᠪᠤᠨ ᠨᠠᠷᠠᠰᠤ︾ ᠶᠢᠨ ᠪᠠᠷᠢᠮᠵᠢᠶ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠭᠤᠷᠪᠠᠨ ᠪᠦᠲᠦᠭᠡᠭᠳᠡᠬᠦᠨ ᠨᠢᠭᠡ ᠣᠨᠴᠠᠭᠠᠢ︾ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠮᠤᠷ ᠲᠦᠪᠰᠢᠨ ᠡᠮᠬᠢ ᠳᠢᠭᠯᠢᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠢᠷᠮᠠᠶᠢᠨ ᠬᠠᠮᠠᠭᠠᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠪᠣᠳᠡᠳᠡᠶᠢᠵᠢᠭᠤᠯᠵᠤ᠂ ᠦᠢᠯᠡ ᠠᠵᠢᠯᠯᠠᠭ᠎ᠠ ᠳᠠᠭᠠᠨ ᠣᠶᠢᠯᠡᠳᠣᠯᠭᠡᠵᠢᠬᠦᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠣ ᠴᠢᠬᠤᠯᠠᠴᠢᠯᠠᠵᠡᠢ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号