ᠬᠤᠲᠠ ᠶᠢᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠲᠤ ᠵᠠᠮᠳᠡᠭ ᠤᠨ ᠲᠠᠰ ᠢ ᠦᠨᠡᠯᠡᠨ ᠲᠣᠬᠳᠡᠭᠠᠬᠤ ᠠᠵᠢᠯᠯᠠᠭ᠎ᠠ ᠬᠢᠵᠡᠢ
ᠨᠡᠶᠢᠲᠡᠯᠡᠭᠰᠡᠨ ᠴᠠᠭ᠄
2024/5/23
     ᠵᠡᠮᠳᠡᠭᠴᠦᠳ ᠢ ᠲᠤᠰᠠᠯᠠᠬᠤ ᠭᠤᠴᠢᠨ ᠳᠥᠷᠪᠡᠳᠦᠭᠡᠷ ᠡᠳᠦᠷ ᠬᠦᠷᠴᠦ ᠢᠷᠡᠬᠦ ᠲᠠᠰᠢᠷᠠᠮ ᠳᠤ᠂ ᠵᠡᠮᠳᠡᠭᠴᠦᠳ ᠤᠨ ᠬᠤᠯᠪᠣᠭ᠎ᠠ ᠶᠢᠨ ᠣᠶᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠣᠨ᠂ ᠵᠡᠮᠳᠡᠭᠴᠦᠳ ᠲᠤ ᠣᠶᠢᠯᠡᠴᠢᠯᠡᠬᠦ ᠬᠠᠮᠤᠭ ᠰᠡᠭᠦᠯᠴᠢ ᠶᠢᠨ ᠨᠢᠭᠡ ᠺᠢᠯᠣᠮᠧᠲᠷ ᠢ ᠨᠡᠪᠲᠡᠷᠡᠭᠦᠯᠵᠦ᠂ ᠵᠡᠮᠳᠡᠭᠴᠦᠳ ᠤᠨ ︽ᠦᠨᠡᠮᠯᠡᠯ ᠬᠦᠢᠴᠡᠳᠬᠡᠬᠦ ᠳᠤ ᠬᠦᠴᠢᠷ᠂ ᠦᠨᠡᠮᠯᠡᠯ ᠬᠦᠢᠴᠡᠳᠬᠡᠬᠦ ᠳᠤ ᠬᠤᠯᠠ︾ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠤᠰᠠᠳᠠ᠂ ᠷᠡᠰᠢᠶᠠᠨ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠷᠠᠰᠢᠶᠠᠨ ᠤ ᠬᠤᠪᠢᠶᠠᠷᠢ ᠬᠤᠷᠢᠶ᠎ᠠ ᠶᠢᠨ  ᠵᠠᠮᠳᠡᠭ ᠤᠨ ᠲᠠᠰ ᠢ ᠦᠨᠡᠯᠡᠨ ᠲᠣᠬᠳᠡᠭᠠᠬᠤ ᠲᠤᠰᠬᠠᠢ ᠮᠡᠷᠭᠡᠵᠢᠯᠲᠡᠨ ᠲᠠᠢ ᠬᠤᠯᠪᠣᠭᠠᠯᠠᠨ ᠵᠡᠮᠳᠡᠭᠴᠦᠳ ᠤᠨ ᠬᠡᠷ ᠢᠶᠠᠷ ᠭᠦᠨᠵᠡᠭᠡᠶᠢᠷᠡᠵᠦ  ᠵᠠᠮᠳᠡᠭ ᠤᠨ ᠲᠠᠰ ᠢ ᠦᠨᠡᠯᠡᠨ ᠲᠣᠬᠳᠡᠭᠠᠬᠤ ᠠᠵᠢᠯ ᠢ ᠥᠷᠨᠢᠭᠦᠯᠪᠡ᠃      ᠵᠡᠮᠳᠡᠭᠴᠦᠳ ᠤᠨ ᠭᠡᠷ ᠲᠤ ᠬᠦᠷᠬᠦ ᠪᠣᠯᠭᠠᠨ ᠦᠨᠡᠯᠡᠨ ᠲᠣᠬᠳᠡᠭᠠᠬᠤ ᠲᠤᠰᠬᠠᠢ ᠮᠡᠷᠭᠡᠵᠢᠯᠲᠡᠨ ᠪᠦᠷ ᠦᠢᠯᠡᠴᠢᠯᠡᠬᠦ ᠡᠲᠡᠭᠡᠳ ᠵᠢᠴᠢ ᠭᠡᠷ ᠪᠦᠯᠢ ᠶᠢᠨ ᠬᠦᠮᠣᠰ ᠲᠠᠢ ᠭᠦᠨᠵᠡᠭᠡᠢ ᠰᠠᠨᠠᠯ ᠢᠶᠠᠨ ᠰᠣᠯᠢᠯᠴᠠᠵᠤ᠂ ᠵᠠᠮᠳᠡᠭᠴᠣᠳ  ᠤᠨ ᠬᠠᠮᠢᠶ᠎ᠠ ᠪᠦᠬᠦᠢ ᠡᠪᠡᠳᠴᠢᠨ ᠤ ᠪᠠᠶᠢᠳᠠᠯ ᠢ ᠨᠠᠷᠢᠨ ᠠᠰᠠᠭᠤᠨ ᠯᠠᠪᠯᠠᠵᠤ᠂  ᠡᠪᠡᠳᠴᠢᠨ ᠤ ᠲᠡᠦᠬᠡ ᠶᠢ ᠪᠠᠶᠢᠴᠠᠭᠠᠨ ᠦᠵᠡᠬᠦ ᠵᠡᠷᠭᠡ ᠤᠯᠠᠨ ᠵᠦᠢᠯ ᠤᠨ ᠪᠠᠶᠢᠴᠠᠭᠠᠯᠲᠠ ᠶᠢᠨ ᠠᠷᠭ᠎ᠠ ᠪᠠᠷ ᠶᠡᠷᠦᠩᠬᠡᠢ  ᠵᠠᠮᠳᠡᠭ ᠤᠨ ᠲᠠᠰ ᠢ ᠦᠨᠡᠯᠡᠨ ᠲᠣᠬᠳᠡᠭᠠᠬᠤ ᠶᠢᠨ ᠬᠠᠮᠲᠤ ᠵᠡᠮᠳᠡᠭᠴᠦᠳ ᠤᠨ ᠬᠡᠷ ᠪᠦᠯᠢ ᠶᠢᠨ ᠬᠦᠮᠣᠰ ᠲᠤ ᠡᠷᠡᠭᠦᠯᠵᠢᠭᠦᠯᠬᠦ ᠰᠠᠨᠠᠭᠤᠯᠭ᠎ᠠ ᠬᠠᠩᠭᠠᠵᠤ ᠂ ᠵᠡᠮᠳᠡᠭ ᠤᠨ ᠪᠠᠷᠢᠮᠵᠢᠶ᠎ᠠ ᠳᠤ ᠬᠥᠷᠬᠦ ᠥᠬᠡᠶ ᠶᠢ  ᠬᠦᠮᠣᠰ ᠲᠤ ᠲᠤᠰᠬᠠᠶ ᠮᠡᠷᠭᠡᠵᠢᠯᠲᠡᠨ ᠠᠴᠠ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠨ ᠲᠣᠳᠣᠷᠬᠠᠶᠢᠯᠠᠵᠡᠢ᠃ ᠡᠭᠦᠨ ᠤ ᠬᠠᠮᠲᠤ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠵᠡᠮᠳᠡᠭᠴᠦᠳ ᠤᠨ ᠬᠡᠷ ᠪᠦᠯᠢ ᠶᠢᠨ ᠬᠦᠮᠣᠰ ᠲᠠᠢ ᠳᠣᠲᠣᠨᠣ ᠪᠠᠷ ᠶᠠᠷᠢᠯᠴᠠᠵᠤ᠂ ᠵᠡᠮᠳᠡᠭᠴᠦᠳ ᠤᠨ ᠠᠮᠢᠳᠤᠷᠠᠯ ᠤᠨ ᠪᠠᠶᠢᠳᠠᠯ᠂ ᠡᠷᠡᠭᠦᠯᠵᠢᠯ ᠤᠨ ᠬᠡᠷᠡᠭᠴᠡᠭᠡ᠂ ᠰᠣᠶᠣᠯ ᠪᠡᠶ᠎ᠡ ᠶᠢᠨ ᠲᠠᠮᠢᠷ ᠤᠨ ᠣᠨᠴᠠ ᠴᠢᠳᠠᠪᠤᠷᠢ ᠵᠡᠷᠭᠡ ᠶᠢ ᠣᠯᠠᠨ ᠲᠠᠯ᠎ᠠ ᠠᠴᠠ ᠣᠶᠢᠯᠠᠭᠠᠵᠤ᠂ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠪᠠ᠃      ᠣᠳᠣ ᠪᠣᠯᠲᠠᠯ᠎ᠠ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠵᠡᠮᠳᠡᠭᠴᠦᠳ ᠤᠨ ᠲᠠᠰ ᠢ ᠦᠨᠡᠯᠡᠨ ᠲᠣᠬᠳᠡᠭᠠᠬᠤ ᠳᠤᠭᠤᠶᠢᠯᠠᠩ ᠨᠢ ᠨᠢᠭᠡᠨᠲᠡ 30 ᠨᠡᠷᠡᠰ ᠬᠦᠨᠳᠦ ᠲᠠᠰ᠂ ᠪᠤᠶᠢᠳᠠ ᠪᠥᠭᠯᠡᠭᠦᠤ ᠭᠠᠵᠠᠷ ᠣᠷᠣᠨ ᠤ ᠵᠡᠮᠳᠡᠭᠴᠦᠳ ᠲᠤ ᠬᠡᠷ ᠲᠤᠨᠢ ᠬᠦᠷᠴᠦ ᠵᠡᠮᠳᠡᠭᠴᠦᠳ ᠤᠨ ᠲᠠᠰ ᠢ ᠦᠨᠡᠯᠡᠨ ᠲᠣᠬᠳᠡᠭᠠᠬᠤ ᠠᠵᠢᠯ ᠬᠠᠩᠭᠠᠬᠰᠠᠨ ᠪᠠᠶᠢᠨ᠎ᠠ᠃  
 
ᠢᠷᠡᠯᠲᠡ᠄ ᠷᠡᠰᠢᠶᠠᠨ ᠬᠤᠲᠠ ᠶᠢᠨ ᠵᠡᠮᠳᠡᠭᠴᠦᠳ ᠤᠨ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号