ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠥᠰᠦᠪ ᠪᠠ ᠲᠥᠰᠦᠪ ᠤᠨ ᠬᠦᠢᠴᠡᠳᠬᠡᠯ ᠢ ᠢᠯᠡ ᠪᠣᠯᠭᠠᠬᠤ  ᠠᠵᠢᠯ ᠢ ᠰᠠᠶᠢᠳᠣᠷ ᠬᠢᠵᠣ ᠪᠣᠢ
ᠨᠡᠶᠢᠲᠡᠯᠡᠭᠰᠡᠨ ᠴᠠᠭ᠄
2024/5/23
     ᠷᠡᠰᠢᠶᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠬᠦᠢᠴᠡᠳᠬᠡᠯ ᠢ ᠢᠯᠡ ᠪᠣᠯᠭᠠᠬᠤ ᠠᠯᠬᠤᠮ ᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ︽ᠲᠥᠰᠦᠪ ᠤᠨ ᠬᠠᠤᠯᠢ ︾ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ︽ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠵᠤ᠂ ᠢᠯᠡ ᠪᠣᠯᠭᠠᠬᠤ ᠥᠬᠡᠶ ᠶᠢ ᠣᠨᠴᠠᠭᠠᠶ ᠪᠠᠶᠢᠳᠠᠯ ᠪᠣᠯᠭᠠᠬᠤ︾ ᠵᠠᠷᠴᠢᠮ ᠢ ᠪᠠᠷᠢᠮᠲᠠᠯᠠᠨ᠂ ᠨᠢᠭᠡᠳᠦᠯᠲᠡᠶ ᠲᠥᠯᠥᠪᠵᠢᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠬᠦᠢᠴᠡᠳᠬᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ︽ᠦᠨᠡᠨ ᠪᠣᠳᠠᠲᠠᠶ᠂ ᠪᠦᠷᠢᠨ ᠪᠦᠲᠦᠨ᠂ ᠴᠠᠭ ᠲᠤᠬᠠᠶ ᠳᠤᠨᠢ᠂ ᠪᠥᠬᠦ ᠲᠠᠯ᠎ᠠ ᠪᠠᠷ︾ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠢᠯᠡ ᠲᠣᠳᠣ ᠡᠳ᠋ ᠤᠨ ᠵᠠᠰᠠᠭ ᠢ ᠪᠣᠶ ᠪᠣᠯᠭᠠᠪᠠ᠃      ᠢᠯᠡ ᠪᠣᠯᠭᠠᠬᠤ ᠲᠠᠪᠴᠠᠩ ᠢ ᠨᠢᠭᠡᠳᠬᠡᠵᠦ᠂ ᠮᠡᠳᠡᠭᠡ ᠵᠠᠩᠭᠢ ᠶᠢ ᠪᠠᠶᠢᠴᠠᠭᠠᠨ ᠦᠵᠡᠬᠦ ᠳᠤ ᠲᠥᠬᠦᠮ ᠪᠣᠯᠭᠠᠪᠡ ᠃ ᠲᠥᠰᠦᠪ ᠪᠠ ᠲᠥᠰᠦᠪ ᠤᠨ ᠬᠦᠢᠴᠡᠳᠬᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠥᠰᠦᠪ ᠪᠠ ᠲᠥᠰᠦᠪ ᠤᠨ ᠬᠦᠢᠴᠡᠳᠬᠡᠯ ᠢ ᠢᠯᠡ ᠪᠣᠯᠭᠠᠬᠤ ᠲᠠᠪᠴᠠᠩ ᠢ ᠠᠰᠢᠭᠯᠠᠨ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠤ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠬᠦᠢᠴᠡᠳᠬᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠤᠯᠤᠩ ᠭᠠᠷᠭᠠᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠬᠦᠢᠴᠡᠳᠬᠡᠯ ᠤᠨ ᠮᠠᠳᠡᠭᠡ ᠵᠡᠩᠬᠢ ᠶᠢ ᠨᠠᠶᠢᠳᠡᠯᠡᠪᠡ᠃      ᠢᠯᠡ ᠪᠣᠯᠭᠠᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂  ᠪᠠᠶᠢᠭᠤᠯᠭ᠎ᠠ ᠨᠢᠭᠡᠴᠢ ᠶᠢ ᠪᠦᠬᠦ ᠲᠠᠯ᠎ᠠ ᠪᠠᠷ ᠬᠠᠮᠤᠷᠪᠠ᠃  ᠷᠡᠰᠢᠶᠠᠨ ᠬᠤᠲᠠ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠥᠴᠢᠷ ᠲᠤ ᠬᠠᠷᠢᠶᠠᠯᠠᠭᠳᠠᠬᠤ ᠬᠤᠶᠠᠳᠤᠭᠠᠷ ᠳᠡᠰ ᠤᠨ ᠲᠥᠰᠦᠪ ᠤᠨ ᠨᠢᠭᠡᠴᠢ ᠶᠢ ᠲᠥᠰᠦᠪ ᠪᠠ ᠲᠥᠰᠦᠪ ᠤᠨ ᠬᠦᠢᠴᠡᠳᠬᠡᠯ ᠢ ᠢᠯᠡ ᠪᠣᠯᠭᠠᠬᠤ ᠬᠡᠪᠴᠢᠶᠡᠨ ᠳᠤ ᠪᠥᠬᠦ ᠲᠠᠯ᠎ᠠ ᠪᠠᠷ ᠣᠷᠣᠭᠤᠯᠵᠤ᠂ ᠪᠣᠶ ᠪᠥᠬᠦᠶ ᠰᠠᠯᠠᠭ᠎ᠠ ᠮᠥᠴᠢᠷ ᠤᠳ ᠬᠠᠷᠢᠶ᠎ᠠ ᠨᠢᠭᠡᠴᠢ ᠶᠢᠨ ᠢᠶᠠᠨ ᠲᠥᠰᠦᠪ ᠪᠠ ᠲᠥᠰᠦᠪ ᠤᠨ ᠬᠦᠢᠴᠡᠳᠬᠡᠯ ᠢ ᠢᠯᠡ ᠪᠣᠯᠭᠠᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ 2022 ᠣᠨ ᠳᠤ ᠲᠥᠰᠦᠪ ᠤᠨ ᠬᠦᠢᠴᠡᠳᠬᠡᠯ ᠢ ᠨᠡᠶᠢᠲᠡ 66 ᠰᠠᠯᠠᠭ᠎ᠠ ᠮᠥᠴᠢᠷ᠂ 167 ᠬᠠᠷᠢᠶ᠎ᠠ ᠨᠢᠭᠡᠴᠢ ᠶᠢ ᠢᠯᠡ ᠪᠣᠯᠭᠠᠪᠠ︔ 2023 ᠣᠨ ᠳᠤ ᠨᠡᠶᠢᠳᠡ 65 ᠰᠠᠯᠠᠭ᠎ᠠ ᠮᠥᠴᠢᠷ᠂ 164 ᠬᠠᠷᠢᠶ᠎ᠠ ᠨᠢᠭᠡᠴᠢ ᠶᠢ ᠢᠯᠡ ᠪᠣᠯᠭᠠᠵᠤ᠂ ᠲᠥᠰᠦᠪ ᠤᠨ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠨᠡᠶᠢᠳᠡᠮ ᠨᠡᠶᠢᠲᠡᠯᠡᠬᠦ ᠶᠢ ᠪᠡᠶᠡᠯᠡᠭᠦᠯᠪᠡ᠃      ᠮᠡᠳᠡᠭᠡ ᠵᠠᠩᠭᠢ ᠶᠢ ᠢᠯᠡ ᠪᠣᠯᠭᠠᠬᠤ ᠶᠢ ᠵᠢᠯᠣᠭᠤᠳᠴᠤ᠂ ᠢᠯᠡ ᠪᠣᠯᠭᠠᠬᠤ ᠶᠠᠰᠤ ᠴᠢᠨᠠᠷ ᠲᠤ ᠬᠢᠨᠠᠯᠲᠠ ᠲᠠᠯᠪᠢᠪᠡ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠢᠯᠡ ᠪᠣᠯᠭᠠᠬᠤ ᠠᠴᠠ ᠡᠮᠦᠨ᠎ᠡ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠵᠢᠯᠣᠭᠤᠳᠤᠮᠵᠢ ᠪᠠᠭᠤᠯᠭᠠᠵᠤ᠂ ᠵᠢᠯᠣᠭᠤᠳᠬᠤ ᠰᠠᠯᠠᠭ᠎ᠠ ᠮᠥᠴᠢᠷ ᠤᠳ ᠵᠢᠷᠤᠮᠵᠢᠭᠰᠠᠨ ᠪᠢᠴᠢᠭ ᠬᠠᠷ᠎ᠠ᠂ ᠲᠣᠭᠲᠠᠭᠠᠭᠰᠠᠨ ᠴᠠᠭ ᠤᠨ ᠶᠣᠰᠣᠭᠠᠷ ᠨᠢᠭᠡᠳᠦᠯᠲᠡᠶ ᠲᠠᠪᠴᠠᠩ ᠳᠤ ᠢᠯᠡ ᠪᠣᠯᠭᠠᠵᠤ᠂ ᠢᠯᠡ ᠪᠣᠯᠭᠠᠭᠰᠠᠨ ᠤ ᠳᠠᠷᠠᠭ᠎ᠠ ᠰᠠᠯᠠᠭ᠎ᠠ ᠮᠥᠴᠢᠷ ᠤᠨ ᠥᠪᠡᠷ ᠤᠨ ᠪᠠᠶᠢᠴᠠᠭᠠᠯᠲᠠ᠂ ᠡᠳ᠋ ᠤᠨ ᠵᠠᠰᠠᠭ ᠤᠨ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠲᠠᠢ ᠤᠶᠠᠯᠳᠤᠭᠤᠯᠤᠨ᠂ ᠲᠥᠰᠦᠪ ᠪᠠ ᠲᠥᠰᠦᠪ ᠤᠨ ᠬᠦᠢᠴᠡᠳᠬᠡᠯ ᠢ ᠢᠯᠡ ᠪᠣᠯᠭᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠱᠠᠯᠠᠪᠳᠡᠭᠤᠯᠣᠨ ᠪᠠᠶᠢᠴᠠᠭᠠᠬᠤ ᠶᠢᠨ ᠬᠠᠮᠳᠣ ᠵᠠᠰᠠᠵᠤ᠂ ᠲᠠᠷᠣᠢ ᠬᠡᠷᠡᠭᠵᠢᠭᠦᠯᠵᠦ ᠲᠠᠷᠣᠢ ᠵᠠᠰᠠᠵᠤ᠂ ᠲᠥᠰᠦᠪ ᠪᠠ ᠲᠥᠰᠦᠪ ᠤᠨ ᠬᠦᠢᠴᠡᠳᠬᠡᠯ ᠢ ᠢᠯᠡ ᠪᠣᠯᠭᠠᠬᠤ ᠮᠡᠳᠡᠭᠡ ᠵᠠᠩᠭᠢ ᠶᠢᠨ ᠦᠨᠡᠨ ᠪᠣᠳᠠᠲᠠᠶ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠡᠳ᠋ ᠤᠨ ᠵᠠᠰᠠᠭ ᠤᠨ ᠮᠡᠳᠡᠭᠡ ᠵᠠᠩᠭᠢ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠵᠡᠢ᠃
 
ᠢᠷᠡᠯᠲᠡ᠄ ᠷᠡᠰᠢᠶᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号