ᠷᠠᠰᠢᠶᠠᠨ ᠬᠤᠲᠠ ᠪᠥᠵᠢᠭ ᠪᠤᠯᠪᠠᠰᠤᠷᠠᠬᠤ ᠠᠩᠭᠢ ᠡᠷᠬᠢᠯᠡᠨ ᠪᠦᠬᠦ ᠠᠷᠡᠳ ᠤᠨ ᠪᠠᠶ᠎ᠠ ᠮᠠᠬᠠᠪᠤᠳ ᠢ ᠴᠢᠬᠢᠷᠠᠬᠵᠢᠭᠤᠯᠪᠠ
ᠨᠡᠶᠢᠲᠡᠯᠡᠭᠰᠡᠨ ᠴᠠᠭ᠄
2024/5/28
     ᠷᠠᠰᠢᠶᠠᠨ ᠬᠤᠲᠠ ᠶᠢᠨ ᠬᠠᠷᠢᠶ᠎ᠠ ᠣᠷᠣᠨ ᠤ ᠣᠯᠠᠨ ᠲᠦᠮᠡᠨ ᠤ ᠣᠶᠤᠨ ᠤ ᠪᠠ ᠰᠣᠶᠣᠯ ᠤᠨ ᠬᠡᠷᠡᠭᠴᠡᠭᠡ ᠶᠢ ᠦᠨᠡᠨᠬᠦ ᠬᠠᠨᠭ᠍ᠭᠠᠵᠤ᠂ ᠰᠣᠶᠣᠯ ᠤᠷᠠᠯᠢᠭ ᠤᠨ ᠬᠢᠷᠢ ᠲᠦᠪᠰᠢᠨ ᠪᠠ ᠣᠯᠠᠨ ᠨᠡᠶᠢᠲᠡ ᠶᠢᠨ ᠰᠣᠶᠣᠯ ᠤᠷᠠᠯᠢᠭ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠷᠠᠰᠢᠶᠠᠨ ᠬᠤᠳᠠ ᠨᠡᠶᠢᠲᠡ ᠶᠢᠨ ᠠᠰᠠᠷᠠᠮᠵᠢ ᠶᠢᠨ ᠪᠥᠵᠢᠭ ᠪᠤᠯᠪᠠᠰᠤᠷᠠᠬᠤ ᠠᠩᠬᠢ ᠡᠷᠬᠢᠯᠡᠨ ᠪᠦᠬᠦ ᠠᠷᠡᠳ ᠤᠨ ᠪᠠᠶ᠎ᠠ ᠮᠠᠠᠬᠪᠤᠳ ᠢ ᠴᠢᠬᠢᠷᠠᠭᠵᠢᠭᠤᠯᠵᠦ ᠪᠠᠶᠢᠨ᠎ᠠ᠃      ᠲᠣᠰ ᠤᠳᠠᠭ᠎ᠠ ᠲᠤᠰᠬᠠᠢ ᠪᠥᠵᠢᠭ ᠤᠨ ᠪᠠᠭᠰᠢ ᠣᠷᠢᠨ ᠮᠣᠩᠭᠤᠯ ᠪᠥᠵᠢᠭ ᠵᠢᠭᠠᠯᠭᠠᠵᠠᠢ᠃ ᠪᠦᠵᠢᠭ ᠤᠨ ᠪᠠᠭᠰᠢ ᠬᠦᠯ ᠭᠠᠷ ᠤᠨ ᠬᠦᠳᠡᠯᠦᠯ᠂ ᠰᠠᠭᠤᠬᠤ ᠲᠦᠷᠢ᠂ ᠵᠣᠭᠰᠣᠬᠤ ᠪᠠᠶᠢᠳᠠᠯ ᠪᠣᠯᠤᠨ ᠤᠶᠤᠨ ᠰᠠᠨᠠᠭᠠᠨ ᠤ ᠳᠦᠷᠰᠦ ᠪᠠᠶᠢᠳᠠᠯ ᠠᠴᠠ ᠡᠬᠢᠯᠡᠨ ᠨᠠᠷᠢᠨ ᠬᠢᠨᠠᠮᠠᠭᠠᠢ ᠵᠢᠯᠤᠭᠤᠳᠤᠯᠭ᠎ᠠ ᠬᠢᠵᠦ᠂ ᠲᠡᠳᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠪᠠ᠃      ᠨᠠᠰᠤᠨ ᠳᠤ ᠬᠦᠷᠦᠭᠰᠡᠳ ᠤᠨ ᠨᠡᠶᠢᠲᠡ ᠶᠢᠨ ᠠᠰᠠᠷᠠᠮᠵᠢ ᠶᠢᠨ ᠪᠦᠵᠢᠭ ᠪᠤᠯᠪᠠᠰᠤᠷᠠᠬᠤ ᠠᠩᠭᠢ ᠪᠣᠯ ᠷᠠᠰᠢᠶᠠᠨ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠨᠢᠭᠡ ᠵᠦᠢᠯ ᠤᠨ ᠪᠠᠶᠢᠩᠭᠤᠵᠢᠭᠰᠠᠨ ᠠᠵᠢᠯ ᠪᠣᠯᠬᠤ ᠪᠥᠭᠡᠳ ᠰᠣᠶᠣᠯ ᠢᠶᠠᠷ ᠠᠷᠠᠳ ᠲᠤ ᠠᠰᠢᠭ ᠬᠦᠷᠲᠡᠭᠡᠵᠦ ᠪᠠᠶᠢᠭ᠎ᠠ ᠶᠠᠪᠤᠳᠡᠯ ᠪᠣᠯᠤᠨ᠎ᠠ᠃ ᠷᠠᠰᠢᠶᠠᠨ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠲᠥᠪ ᠲᠠᠷᠠᠭᠠᠴᠢ ᠪᠠᠷ ᠨᠡᠶᠢᠲᠡ ᠶᠢᠨ ᠠᠰᠠᠷᠠᠮᠵᠢ ᠶᠢᠨ ᠪᠦᠵᠢᠭ ᠪᠤᠯᠪᠠᠰᠤᠷᠠᠬᠤ ᠠᠩᠭᠢ ᠶᠢ ᠦᠷᠭᠦᠯᠵᠢᠯᠡᠨ ᠡᠷᠬᠢᠯᠡᠵᠦ᠂ ᠪᠣᠯᠪᠠᠰᠤᠷᠠᠯ ᠤᠨ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠤᠨ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠷᠠᠰᠢᠶᠠᠨ ᠬᠤᠲᠠ ᠶᠢᠨ ᠰᠣᠶᠣᠯ ᠵᠢᠭᠤᠯᠴᠢᠯᠡᠯ ᠤᠨ ᠤᠶᠢᠯᠡᠰ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠪᠤᠯᠤᠨ᠎ᠠ᠃ ︵ᠳᠠᠷᠬᠠᠨ ᠷᠠᠰᠢᠶᠠᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号