ᠵᠠᠩ ᠰᠢᠶᠤᠤ ᠪᠢᠩ ᠦ᠋ ᠴᠠ ᠭᠸᠤ ᠤᠢ ᠰᠢᠭᠤᠢ ᠶᠢᠨ ᠳᠤᠪᠴᠢᠶ᠎ᠠ ᠪᠠᠷ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2024/5/28
     5 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠡᠤ ᠴᠠ ᠭᠸᠤ ᠣᠶ ᠰᠢᠭᠤᠶ ᠶᠢᠨ ᠲᠣᠪᠴᠢᠶ᠎ᠠ ᠶᠢᠨ ᠨᠢᠦ ᠹᠧᠨ ᠲᠠᠢ ᠣᠶ ᠰᠢᠭᠤᠶ ᠶᠢᠨ ᠲᠠᠯᠠᠪᠠᠶ ᠶᠢᠨ ᠴᠢᠬᠢ ᠮᠣᠳᠣᠨ ᠤ ᠰᠠᠭᠤᠷᠢᠨ ᠭᠠᠵᠠᠷ᠂ ᠲᠢᠶᠠᠨ ᠶᠤᠸᠠᠨ ᠬᠦᠢᠲᠡᠨ ᠤᠰᠤᠨ ᠳᠤ ᠵᠢᠭᠠᠰᠤ ᠲᠡᠵᠢᠭᠡᠬᠦ ᠰᠠᠭᠤᠷᠢᠨ ᠭᠠᠵᠠᠷ᠂ ᠢᠳᠡᠭᠡᠨ ᠤ ᠮᠥᠭᠦ ᠲᠠᠷᠢᠬᠤ ᠰᠠᠭᠤᠷᠢᠨ ᠭᠠᠵᠠᠷ ᠪᠠ ᠲᠡᠵᠢᠭᠡᠪᠦᠷᠢ ᠶᠢᠨ ᠤᠷᠤᠨ ᠲᠣᠭᠤᠷᠢᠭ᠂ ᠬᠤᠪᠣᠷ ᠴᠤᠬᠠᠭ ᠮᠣᠳᠣᠨ ᠤ ᠲᠥᠷᠥᠯ ᠤᠨ ᠬᠠᠮᠠᠭᠠᠯᠠᠯᠲᠠ ᠶᠢᠨ ᠲᠥᠪ ᠤᠨ ᠤᠢ ᠰᠢᠭᠤᠢ ᠶᠢᠨ ᠠᠵᠦ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠠᠢ᠃      ᠵᠠᠩ ᠰᠢᠶᠣᠤ ᠪᠢᠩ ᠬᠡᠯᠡᠭᠰᠡᠨ ᠨᠢ᠂ ᠣᠶ ᠶᠢᠨ ᠠᠵᠤ ᠦᠢᠯᠡᠰ ᠢ ᠬᠥᠭᠵᠢᠭᠦᠯᠬᠦ ᠳᠤ ︽ᠬᠠᠮᠠᠭᠠᠯᠠᠬᠤ︾ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠶ ᠰᠢᠭᠤᠶ ᠶᠢ ᠠᠷᠠᠴᠢᠯᠠᠨ ᠪᠤᠶᠢᠵᠢᠭᠤᠯᠬᠤ᠂ ᠮᠠᠭᠤᠳᠠᠭᠰᠠᠨ ᠣᠶ ᠶᠢ ᠵᠠᠰᠠᠨ ᠰᠡᠷᠭᠦᠭᠡᠬᠦ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠤᠨ᠂ ᠬᠤᠪᠣᠷ ᠴᠤᠬᠠᠭ ᠮᠣᠳᠣᠨ ᠤ ᠲᠥᠷᠥᠯ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠤᠨ᠂ ᠣᠶ ᠰᠢᠭᠤᠶ ᠶᠢ ᠡᠪᠳᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠣᠶ ᠰᠢᠭᠤᠶ ᠶᠢᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠪᠠ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ᠃ ᠤᠢ ᠰᠢᠭᠤᠢ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠦᠷᠦᠯ ᠵᠦᠢᠯ ᠤᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ᠲᠡᠷᠢᠭᠦᠨ ᠤ ᠤᠢᠢᠯᠠᠭᠠᠭᠳᠠᠬᠤᠨ ᠪᠣᠯᠤᠨ ᠮᠡᠷᠭᠡᠵᠢᠯ ᠢ ᠰᠤᠷᠤᠯᠴᠠᠨ᠂ ᠤᠨᠴᠠᠯᠢᠬᠳᠤ ᠲᠦᠷᠦᠯ ᠲᠡᠮᠳᠡᠭ ᠢ ᠬᠦᠴᠦᠯᠡᠨ ᠡᠭᠦᠳᠴᠦ᠂ ᠠᠵᠤ ᠦᠢᠯᠡᠰ ᠤᠨ ᠬᠡᠯᠬᠢᠶ᠎ᠠ ᠶᠢ ᠦᠷᠭᠦᠯᠵᠢᠯᠡᠨ ᠤᠷᠲᠤᠳᠬᠠᠵᠤ᠂ ᠠᠵᠤ ᠦᠢᠯᠡᠰᠵᠢᠭᠦᠯᠬᠦ᠂ ᠬᠡᠪᠴᠢᠶᠡᠵᠢᠭᠦᠯᠬᠦ ᠲᠡᠰᠢ ᠬᠥᠭᠵᠢᠭᠦᠯᠬᠦ ᠬᠡᠷᠡᠭᠲᠡᠢ᠃ ᠬᠠᠮ ᠢᠳᠡᠭᠡᠨ ᠤ ᠦᠵᠡᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠨᠤᠲᠤᠭ ᠤᠨ ᠣᠨᠴᠠ ᠭᠠᠷᠤᠯᠲᠠ︾ ᠶᠢ ᠦᠷᠭᠦᠯᠵᠢᠯᠡᠨ ᠰᠠᠶᠢᠲᠤᠷ ᠬᠢᠵᠦ᠂ ᠬᠦᠢᠲᠡᠨ ᠤᠰᠤᠨ ᠤ ᠵᠢᠭᠠᠰᠤᠨ ᠤ ᠲᠦᠷᠦᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠢᠳᠡᠭᠡᠨ ᠤ ᠮᠦᠬᠦ ᠶᠢ ᠦᠢᠯᠡᠳᠪᠦᠷᠢᠯᠡᠵᠦ ᠡᠳ᠋ᠰᠢᠭᠦᠯᠬᠦ ᠲᠦᠪᠰᠢᠨ ᠢ ᠳᠡᠭᠡᠭᠰᠢᠯᠡᠭᠦᠯᠵᠦ᠂ ᠰᠦᠯᠵᠢᠶᠡᠨ ᠳᠡᠭᠡᠷ᠎ᠡ ᠪᠠ ᠪᠤᠳᠠᠳᠦ ᠴᠤᠭᠴᠠᠳᠦ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠭᠡᠵᠦ ᠂ ᠰᠠᠶᠢᠨ ᠪᠦᠲᠦᠭᠡᠭᠳᠡᠬᠦᠨ ᠢ ᠰᠠᠶᠢᠨ ᠦᠨ᠎ᠡ ᠪᠠᠷ ᠬᠤᠳᠠᠯᠳᠤᠬᠤ ᠬᠡᠷᠡᠭᠲᠡᠢ᠃ ᠤᠢ ᠰᠢᠭᠤᠢ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠ ᠵᠢᠭᠤᠯᠴᠢᠯᠠᠭᠴᠢᠳ ᠤᠨ ᠬᠠᠷᠠᠭᠠᠰᠤ ᠳᠤ ᠰᠠᠭᠤᠷᠢᠯᠠᠵᠤ᠂ ᠠᠮᠢ ᠠᠬᠤᠢ ᠪᠠᠷ ᠭᠤᠣᠯ ᠪᠣᠯᠭᠠᠬᠤ᠂ ᠵᠢᠭᠤᠯᠴᠢᠯᠠᠯ ᠤᠨ ᠡᠯᠧᠮᠧᠨ᠋ᠲ ᠢ ᠣᠷᠣᠭᠤᠯᠬᠤ᠂ ᠪᠠᠶᠢᠭᠠᠯᠢ ᠶᠢᠨ ᠷᠢᠳᠢ ᠰᠢᠳᠢ ᠶᠢ ᠢᠯᠡᠷᠡᠭᠦᠯᠬᠦ ᠲᠠᠯ᠎ᠠ ᠪᠠᠷ ᠬᠦᠴᠦ ᠪᠠᠨ ᠲᠥᠪᠯᠡᠷᠡᠭᠦᠯᠵᠦ᠂ ᠤᠨᠴᠠᠯᠢᠬᠳᠤ ᠳᠠᠷᠢᠵᠤ ᠲᠡᠵᠢᠭᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠡᠷᠡᠭᠦᠯ ᠮᠡᠨᠳᠦ ᠶᠢᠨ ᠰᠤᠪᠢᠯᠠᠯᠲᠠ᠂ ᠰᠡᠯᠡᠭᠦᠴᠡᠨ ᠵᠢᠭᠤᠯᠴᠢᠯᠠᠬᠤ᠂ ᠰᠤᠳᠤᠯᠤᠨ ᠰᠤᠷᠤᠯᠴᠠᠬᠤ ᠵᠡᠷᠭᠡ ᠪᠦᠲᠦᠭᠡᠭᠳᠡᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠤᠢ ᠪᠤᠯᠭᠠᠬᠤ ᠬᠡᠷᠡᠭᠲᠡᠢ ᠭᠡᠪᠡ᠃      ᠵᠠᠩ ᠰᠢᠶᠤᠤ ᠪᠢᠩ ᠪᠠᠰᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠢᠨᠵᠢᠯᠡᠨ ᠪᠠᠶᠢᠴᠠᠭᠠᠪᠠ᠃       ︵ᠵᠠᠩ ᠸᠧᠢ ᠨᠠᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号