ᠷᠠᠰᠢᠶᠠᠨ ᠬᠤᠲᠠ ᠬᠢᠯᠢ ᠶᠢᠨ ᠠᠷᠠᠯᠵᠢᠶ᠎ᠠ ᠬᠤᠳᠡᠯᠳᠣᠭᠠᠨ ᠤ ᠠᠵᠢᠯ ᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/28
   5 ᠰᠠᠷ᠎ᠠ ᠶᠢᠨ 23 ᠤ ᠡᠳᠦᠷ᠂ ᠷᠠᠰᠢᠶᠠᠨ ᠬᠤᠲᠠ ᠬᠢᠯᠢ ᠶᠢᠨ ᠠᠷᠠᠯᠵᠢᠶᠠᠨ ᠤ ᠬᠠᠷᠢᠯᠴᠠᠨ ᠠᠷᠠᠯᠵᠢᠶᠠᠯᠠᠬᠤ ᠠᠵᠢᠯ ᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠂ ᠬᠤᠷᠠᠯ ᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠪᠦᠦ ᠲᠢᠶᠠᠨ ᠡᠷᠭᠢᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠶᠠᠷᠢᠶ᠎ᠠ ᠲᠠᠯᠪᠢᠪᠠ᠃    ᠬᠤᠷᠠᠯ ᠠᠴᠠ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠶᠢ ᠰᠠᠶᠢᠲᠤᠷ ᠬᠢᠬᠦ ᠪᠣᠯ ︽ᠬᠢᠯᠢ ᠬᠢᠵᠠᠭᠠᠷ ᠢ ᠬᠥᠭᠵᠢᠭᠦᠯᠬᠦ᠂ ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠲᠣᠭᠲᠠᠪᠤᠷᠢᠵᠢᠭᠤᠯᠬᠤ︾ ᠴᠢᠬᠤᠯᠠ ᠠᠵᠢᠯ ᠪᠣᠯᠤᠨ᠎ᠠ᠃ ᠡᠯ᠎ᠡ ᠬᠠᠷᠢᠭᠤᠴᠠᠯᠭᠠᠲᠤ ᠨᠢᠭᠡᠴᠢ ᠨᠦᠭᠦᠳ ᠪᠣᠳᠠᠲᠠᠶ ᠳᠤ ᠰᠠᠭᠤᠷᠢᠯᠠᠨ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠬᠢᠯᠢ ᠶᠢᠨ ᠠᠷᠠᠳ ᠤᠨ ᠦᠨᠡᠮᠯᠡᠯ ᠭᠤᠶᠤᠴᠢᠯᠠᠬᠤ ᠨᠥᠬᠦᠴᠡᠯ᠂ ᠮᠡᠳᠡᠭᠦᠯᠬᠦ ᠶᠠᠪᠣᠴᠠ᠂  ᠬᠦᠢᠴᠡᠳᠬᠡᠬᠦ ᠴᠠᠭ᠂ ᠬᠦᠴᠦᠨ ᠲᠠᠢ ᠬᠤᠭᠤᠴᠠᠭ᠎ᠠ᠂ ᠠᠩᠬᠠᠷᠬᠤ  ᠵᠣᠶᠢᠯᠡᠰ ᠵᠡᠷᠭᠡ ᠶᠢ ᠲᠣᠳᠣᠷᠬᠠᠶ ᠲᠠᠶᠢᠯᠪᠤᠷᠢᠯᠠᠵᠤ᠂ ᠬᠢᠯᠢ ᠶᠢᠨ ᠠᠷᠠᠳ ᠢ ᠲᠠᠶᠢᠴᠢᠯᠡᠨ ᠵᠢᠯᠣᠭᠤᠳᠴᠤ ᠪᠠᠶᠢᠭᠠᠳ ᠬᠢᠯᠢ ᠶᠢᠨ ᠠᠷᠠᠳ ᠤᠨ ᠬᠠᠷᠢᠯᠴᠠᠨ ᠬᠠᠪᠰᠤᠷᠤᠯᠴᠠᠬᠤ᠂  ᠬᠠᠮᠳᠣᠷᠡᠯᠴᠠᠬᠤ ᠠᠷᠭ᠎ᠠ ᠮᠠᠶ᠋ᠢᠭ ᠢᠶᠠᠷ ᠵᠠᠬ᠎ᠠ ᠶᠢᠨ ᠠᠷᠠᠯᠵᠢᠶ᠎ᠠ ᠳᠤ ᠣᠷᠣᠯᠴᠠᠭᠤᠯᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠢᠳᠡᠪᠬᠢᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠵᠢᠱᠢᠶ᠎ᠠ ᠦᠵᠡᠭᠦᠯᠵᠦ ᠲᠠᠶᠢᠴᠢᠯᠡᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠬᠢᠯᠢ ᠶᠢᠨ ᠠᠷᠠᠳ ᠤᠨ  ᠵᠠᠬ᠎ᠠ ᠶᠢᠨ ᠠᠷᠡᠯᠵᠢᠶᠠᠨ ᠤ ᠵᠣᠬᠢᠶᠠᠨ ᠪᠠᠶᠢᠭᠤᠵᠢᠯᠳᠡ᠂ ᠵᠢᠷᠤᠮᠵᠢᠯᠳᠡ ᠶᠢᠨ ᠲᠦᠪᠰᠢᠨ ᠢ ᠴᠢᠨᠠᠭᠰᠢᠳᠠ ᠴᠢᠩᠭᠠᠳᠬᠠᠵᠤ᠂ ᠪᠣᠳᠠᠲᠤ ᠬᠦᠴᠦᠨ ᠢᠶᠠᠷ ᠲᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠢᠯᠢ ᠶᠢᠨ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠲᠠᠶᠢᠴᠢᠯᠠᠵᠦ᠂ ᠠᠷᠠᠳ ᠪᠠᠶᠠᠵᠢᠬᠤ᠂ ᠬᠢᠯᠢ ᠬᠢᠵᠠᠭᠠᠷ ᠪᠠᠶᠠᠵᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢ ᠰᠠᠶᠢᠲᠤᠷ ᠠᠮᠢᠳᠤᠯᠢᠭ ᠬᠡᠷᠡᠭᠯᠡᠵᠦ᠂ ᠲᠥᠷᠥ ᠶᠢᠨ ᠪᠣᠳᠣᠯᠭ᠎ᠠ ᠶᠢ ᠡᠮᠬᠢᠯᠡᠨ ᠳᠢᠭᠯᠡᠬᠦ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠯᠢ ᠶᠢᠨ ᠠᠷᠠᠳ ᠤᠨ ᠠᠷᠠᠯᠵᠢᠶ᠎ᠠ ᠶᠢᠨ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠲᠠᠸᠠᠷ ᠤᠨ ᠲᠥᠷᠥᠯ ᠵᠣᠶᠢᠯ ᠢ ᠪᠠᠶᠠᠯᠢᠭᠵᠢᠭᠤᠯᠤᠨ᠂ ᠠᠷᠠᠯᠵᠢᠶ᠎ᠠ ᠶᠢᠨ ᠬᠡᠪᠴᠢᠶ᠎ᠡ ᠶᠢ ᠥᠷᠭᠡᠳᠬᠡᠵᠦ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ︽ᠲᠤᠭ᠎ᠠ︾ ᠪᠠ ︽ᠶᠠᠰᠤ ᠴᠢᠨᠠᠷ︾ ᠤᠨ ᠬᠤᠤᠰ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ ᠭᠡᠵᠡᠢ᠃    
 
ᠢᠷᠡᠯᠲᠡ᠄ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号