ᠸᠠᠩ ᠰᠢᠶᠤᠤ ᠬᠤᠸᠠᠨ ᠭᠤᠤᠯᠳᠠᠯᠭ᠎ᠠ ᠲᠠᠢ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/5/28
     5 ᠰᠠᠷ᠎ᠠ ᠶᠢᠨ 25 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠣᠶᠢᠯᠡᠴᠢᠯᠡᠭᠡᠨ ᠤ ᠲᠣᠪᠴᠢᠶ᠎ᠠ᠂ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃      ᠸᠠᠩ ᠰᠢᠶᠤᠤ ᠬᠤᠸᠠᠨ᠂ ᠪᠦᠬᠦ ᠬᠤᠳᠠ ᠶᠢᠨ ᠲᠡᠭᠡᠳᠣ ᠲᠣᠣᠷᠡᠳᠣ ᠱᠠᠳᠣ ᠪᠠᠷ ᠢᠶᠠᠨ ᠣᠯᠣᠰ ᠲᠦᠷᠣ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠠ ᠪᠠᠷ ᠴᠢᠬᠤᠯᠠᠴᠢᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠨᠡᠨ ᠬᠦ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠡᠳᠦᠷ ᠲᠤᠳᠤᠮ ᠤᠨ ᠠᠵᠢᠯ ᠲᠠᠢ ᠤᠶᠠᠯᠳᠤᠭᠤᠯᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠣᠨ ᠂ ᠠᠰᠠᠭᠤᠳᠠᠯ ᠢ ᠥᠪᠡᠷ ᠢᠶᠠᠨ ᠪᠠᠶᠢᠴᠠᠭᠠᠬᠤ ᠵᠢᠭᠰᠠᠭᠠᠨ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠨᠡᠶᠢᠲᠡᠯᠢᠭ ᠠᠰᠠᠭᠤᠳᠠᠯ ᠢ ᠡᠷᠡᠰ ᠪᠠᠶᠢᠴᠠᠭᠠᠨ ᠵᠠᠯᠠᠷᠠᠭᠤᠯᠵᠤ᠂ ᠵᠢᠷᠤᠮᠵᠢᠯ ᠤᠨ ᠴᠢᠨᠠᠷᠲᠠᠢ ᠠᠷᠭ᠎ᠠ ᠬᠡᠮᠵᠢᠶ᠎ᠠ ᠶᠢ ᠰᠤᠳᠤᠯᠤᠨ ᠲᠣᠭᠲᠠᠭᠠᠵᠤ᠂ ᠲᠦᠷᠢᠮ ᠤᠨ ᠠᠯᠳᠠᠰᠢ ᠭᠠᠷᠬᠤ ᠶᠢ ᠬᠤᠷᠢᠭᠯᠠᠵᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠲᠦᠷᠢᠮ ᠲᠣᠭᠲᠠᠭᠠᠯ ᠲᠣᠭᠲᠠᠭᠠᠬᠤ ᠵᠡᠷᠭᠡ ᠲᠠᠯ᠎ᠠ ᠪᠠᠷ ᠬᠦᠴᠦ ᠣᠷᠣᠭᠤᠯᠵᠤ᠂ ︽ᠪᠠᠭ᠎ᠠ ᠶᠠᠪᠤᠳᠠᠯ︾ ᠤᠨ ᠠᠰᠠᠭᠤᠳᠠᠯ ᠠᠴᠠ ᠭᠠᠷᠳᠡᠵᠣ᠂ ᠠᠷᠠᠳ ᠤᠯᠠᠨ ᠤ ᠪᠣᠳᠠᠲᠣ ᠠᠰᠠᠭᠤᠳᠡᠯ ᠢ ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠣ ᠴᠢᠬᠤᠯᠠᠴᠢᠯᠠᠵᠡᠢ᠃      ᠸᠠᠩ ᠰᠢᠶᠤᠤ ᠬᠤᠸᠠᠨ ᠪᠠᠰᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂  ᠣᠯᠣᠰ ᠤᠨ ᠨᠢᠭᠡᠳᠣᠯ  ᠲᠠᠢ ᠰᠢᠯᠭᠠᠯᠲᠠ ᠶᠢᠨ ᠪᠡᠯᠡᠳᠬᠡᠯ ᠠᠵᠢᠯ᠂ ᠠᠷᠠᠳ ᠤᠨ ᠠᠮᠢᠳᠤᠷᠠᠯ ᠤᠨ ︽ᠪᠠᠭ᠎ᠠ ᠪᠣᠳᠠᠲᠣ ᠶᠠᠪᠤᠳᠠᠯ︾ ᠪᠠ ᠦᠨᠳᠦᠰᠦᠲᠡᠨ ᠤ ᠪᠦᠯᠬᠦᠮᠳᠡᠯ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号