ᠶᠠᠩ ᠶᠦᠩ ᠵᠢᠦ ᠠᠵᠢᠯ ᠲᠥᠷᠥᠯ ᠤᠨ ᠨᠡᠶᠢᠭᠡᠮᠯᠢᠭ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠣᠳᠣᠯᠪᠡ
ᠨᠡᠶᠢᠲᠡᠯᠡᠭᠰᠡᠨ ᠴᠠᠭ᠄
2024/5/29
     5 ᠰᠠᠷ᠎ᠠ ᠶᠢᠨ 28 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠤᠷᠢᠳ ᠬᠤᠵᠢᠳ ᠷᠠᠰᠢᠶᠠᠨ ᠤ ᠰᠣᠶᠣᠯ ᠪᠡᠶ᠎ᠡ ᠶᠢᠨ ᠲᠠᠮᠢᠷ ᠤᠨ ᠨᠡᠶᠢᠭᠡᠮᠯᠢᠭ᠂ ᠲᠦᠷᠢᠶᠡᠰᠦᠨ ᠮᠠᠰᠢᠨ ᠲᠡᠷᠭᠡᠨ ᠤ ᠨᠡᠶᠢᠭᠡᠮᠯᠢᠭ᠂ ᠵᠢᠭᠤᠯᠴᠢᠯᠠᠯ ᠤᠨ ᠬᠥᠲᠥᠴᠢ ᠶᠢᠨ ᠨᠡᠶᠢᠭᠡᠮᠯᠢᠭ᠂ ᠬᠤᠪᠢ ᠶᠢᠨ ᠵᠢᠯᠣᠭᠤᠴᠢ ᠶᠢᠨ ᠨᠡᠶᠢᠭᠡᠮᠯᠢᠭ ᠵᠡᠷᠭᠡ ᠪᠠᠷ ᠬᠦᠷᠴᠦ᠂ ᠠᠵᠢᠯ ᠲᠥᠷᠥᠯ ᠤᠨ ᠨᠡᠶᠢᠭᠡᠮᠯᠢᠭ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠶᠠᠩ ᠶᠦᠩ ᠵᠢᠦ᠂ ᠠᠵᠢᠯ ᠲᠥᠷᠥᠯ ᠤᠨ ᠨᠡᠶᠢᠭᠡᠮᠯᠢᠭ ᠪᠣᠯ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠰᠢᠯᠢᠳᠡᠭᠵᠢᠭᠦᠯᠬᠦ ᠳᠤ ᠳᠤᠲᠠᠭᠳᠠᠵᠤ ᠪᠣᠯᠤᠰᠢ ᠥᠬᠡᠶ ᠴᠢᠬᠤᠯᠠ ᠭᠤᠭᠴᠤᠭ᠎ᠠ ᠮᠥᠨ᠂ ᠵᠠᠬ᠎ᠠ ᠳᠡᠯᠭᠡᠭᠦᠷ ᠪᠣᠯᠤᠨ ᠵᠠᠰᠠᠭ ᠤᠨ ᠣᠷᠳᠣᠨ ᠤ ᠨᠠᠩ ᠰᠠᠶᠢᠨ ᠤᠶᠠᠯᠳᠤᠯ ᠢ ᠪᠡᠶᠡᠯᠡᠭᠦᠯᠬᠦ ᠬᠥᠭᠦᠷᠭᠡ ᠬᠤᠯᠪᠣᠭᠠᠰᠤ ᠮᠥᠨ᠃ ᠡᠯ᠎ᠡ ᠠᠵᠢᠯ ᠲᠥᠷᠥᠯ ᠤᠨ ᠨᠡᠶᠢᠭᠡᠮᠯᠢᠭ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠤᠯᠤᠰ ᠤᠨ ᠳᠣᠲᠣᠭᠠᠳᠤ ᠳᠤ ᠲᠡᠷᠢᠭᠦᠨ ᠲᠠᠰ ᠤᠨ᠂ ᠳᠡᠯᠡᠬᠡᠶ ᠳᠤ ᠨᠠᠷ᠎ᠡ ᠠᠯᠳᠠᠷᠲᠠᠶ︾ ᠵᠢᠭᠤᠯᠴᠢᠯᠠᠯ ᠤᠨ ᠠᠮᠠᠷᠠᠯᠲᠠ ᠶᠢᠨ ᠬᠤᠲᠠ ᠶᠢ ᠪᠣᠶ ᠪᠣᠯᠭᠠᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠳᠣᠲᠣᠭᠠᠳᠤ ᠶᠢᠨ ᠬᠠᠮᠢᠶᠠᠷᠤᠯᠲᠠ ᠶᠢᠨ ᠲᠣᠭᠲᠠᠴᠠ ᠪᠠ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠥᠨᠳᠥᠷ ᠪᠠᠷᠢᠮᠵᠢᠶ᠎ᠠ ᠪᠠᠷ ᠲᠡᠭᠦᠯᠳᠡᠷᠵᠢᠭᠦᠯᠵᠦ᠂ ᠡᠷᠬᠢᠨ ᠲᠣᠭᠤᠷᠢᠨ ᠤ ᠭᠠᠵᠠᠷ ᠣᠷᠣᠨ ᠲᠠᠢ ᠵᠣᠯᠭᠠᠯᠴᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠣᠶᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠷᠠᠰᠢᠶᠠᠨ ᠤ ᠵᠥᠭᠡᠯᠡᠨ ᠲᠣᠨᠤᠭ ᠤᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠬᠦ ᠬᠡᠷᠡᠭᠲᠡᠶ᠃ ᠠᠵᠢᠯ ᠲᠥᠷᠥᠯ ᠤᠨ ᠨᠡᠶᠢᠭᠡᠮᠯᠢᠭ ᠤᠨ ᠠᠷᠠᠳ ᠲᠤ ᠠᠰᠢᠭ ᠬᠦᠷᠲᠡᠭᠡᠬᠦ᠂ ᠵᠠᠬ᠎ᠠ ᠳᠡᠯᠭᠡᠭᠦᠷ ᠢ ᠵᠢᠷᠤᠮᠵᠢᠭᠤᠯᠬᠤ ᠣᠶᠢᠯᠡᠳᠦᠯ   ᠢᠶᠠᠨ ᠬᠦᠢᠴᠡᠳ ᠪᠠᠳᠠᠷᠠᠭᠤᠯᠵᠤ᠂ ᠠᠵᠢᠯ ᠲᠥᠷᠥᠯ ᠤᠨ ᠳᠣᠲᠣᠷ᠎ᠠ ᠪᠠᠨ ᠠᠳᠠᠯᠢᠳᠬᠠᠬᠤ ᠰᠤᠷᠤᠯᠴᠠᠬᠤ ᠬᠥᠭᠡᠭᠡᠵᠦ ᠬᠦᠢᠴᠡᠬᠦ ᠳᠠᠪᠠᠵᠤ ᠭᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠠᠵᠢᠯ ᠲᠥᠷᠥᠯ ᠤᠨ ᠨᠡᠶᠢᠭᠡᠮᠯᠢᠭ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠶ᠃ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠨᠥᠭᠡᠴᠡ ᠶᠢᠨ ᠬᠥᠮᠥᠷᠭᠡ ᠶᠢ ᠪᠠᠶᠢᠭᠤᠯᠤᠨ ᠪᠦᠷᠢᠨᠰᠢᠬᠦᠯᠵᠦ᠂ ᠷᠠᠰᠢᠶᠠᠨ ᠤ ᠰᠢᠨ᠎ᠡ ᠵᠠᠭᠪᠤᠷ ᠢ ᠡᠭᠦᠳᠴᠦ᠂ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠭ᠎ᠠ ᠪᠠᠨ ᠴᠢᠩᠭᠠᠳᠬᠠᠵᠤ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ᠂ ᠤᠷᠢᠶᠠᠯᠠᠬᠤ ᠬᠦᠴᠦᠨ ᠲᠠᠢ ᠭᠤᠣᠯᠯᠠᠭᠴᠢ ᠭᠡᠰᠢᠭᠦᠨ ᠢ ᠡᠯᠰᠡᠵᠦ᠂ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠬᠠᠩᠭᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠶᠢᠨ ᠦᠢᠯᠡᠴᠢᠯᠡᠭᠡᠨ ᠤ ᠵᠢᠯᠤᠭᠤᠳᠤᠯᠭ᠎ᠠ ᠬᠠᠩᠭᠠᠵᠤ᠂ ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠢᠯ ᠲᠦᠷᠦᠯ ᠤᠨ ᠨᠡᠶᠢᠭᠡᠮᠯᠢᠭ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ  ᠭᠡᠵᠣ ᠴᠢᠬᠤᠯᠠᠴᠢᠯᠠᠵᠡᠢ᠃      ᠬᠤᠳᠠ ᠶᠢᠨ ᠤᠳᠤᠷᠢᠳᠤᠯᠭ᠎ᠠ ᠬᠠᠨ ᠴᠠᠩ ᠵᠢᠦ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号