ᠮᠡᠷᠭᠡᠵᠢᠯ ᠤᠨ ᠴᠣᠯᠠ ᠦᠨᠡᠯᠡᠨ ᠬᠢᠨᠠᠬᠤ ᠰᠢᠨ᠎ᠡ ᠲᠣᠭᠲᠠᠭᠠᠯ ᠭᠠᠷᠭᠠᠪᠠ
ᠨᠡᠶᠢᠲᠡᠯᠡᠭᠰᠡᠨ ᠴᠠᠭ᠄
2024/5/29
     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠢᠢᠯᠠᠭᠠᠭᠰᠠᠨ ᠢᠶᠠᠷ᠂ ᠣᠢᠢᠷ᠎ᠠ ᠳᠤ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠴᠢᠨᠠᠬᠰᠢᠲᠠ ᠭᠦᠨᠵᠡᠭᠡᠶᠢᠷᠡᠭᠦᠯᠵᠤ᠂ ᠬᠢᠵᠠᠭᠠᠷᠯᠠᠬᠤ ᠴᠢᠨᠠᠷᠲᠠᠶ ᠨᠥᠬᠦᠴᠡᠯ ᠢ ᠪᠠᠭᠠᠰᠬᠠᠬᠤ᠂ ᠬᠥᠮᠦᠨ ᠬᠡᠷᠡᠭᠯᠡᠬᠦ ᠨᠢᠭᠡᠴᠢ ᠳᠤ ᠡᠵᠡᠨ ᠮᠡᠳᠡᠬᠦ ᠡᠷᠬᠡ ᠣᠯᠭᠤᠬᠤ᠂ ︽ᠰᠠᠭᠠᠳ ᠥᠬᠡᠶ ᠨᠡᠪᠲᠡᠷᠡᠬᠦ ᠵᠠᠮ︾ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠂ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠨᠵᠢᠯᠡᠬᠦ ᠤᠬᠠᠭᠠᠨᠴᠢ ᠪᠤᠰᠤᠳᠴᠢ ᠲᠥᠪ ᠭᠤᠤᠯᠴᠢ ᠪᠠᠷ ᠦᠨᠡᠯᠡᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠳᠤᠮᠳᠠᠬᠢ ᠴᠢᠳᠠᠪᠤᠷᠢᠲᠠᠨ ᠤ ᠲᠤᠯᠭᠠᠭᠤᠷᠢᠯᠠᠬᠤ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃      ᠣᠢᠢᠯᠠᠭᠠᠭᠰᠠᠨ ᠢᠶᠠᠷ᠂ ᠡᠨᠡ ᠵᠢᠯ ᠤᠨ ᠮᠠᠨ ᠤ ᠤᠷᠤᠨ ᠤ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠵᠢᠯ ᠳᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠯᠭ᠎ᠠ ᠶᠢᠨ ᠨᠠᠮᠲᠠᠷ ᠢ ᠯᠠ ᠬᠥᠭᠡᠭᠡᠴᠡᠯᠳᠦᠬᠦ᠂ ᠬᠢᠷᠢ ᠬᠡᠮ ᠢ ᠯᠡ ᠬᠥᠭᠡᠭᠡᠴᠡᠯᠳᠦᠬᠦ᠂ ᠥᠭᠦᠯᠡᠯ ᠢ ᠯᠡ ᠬᠥᠭᠡᠭᠡᠴᠡᠯᠳᠦᠬᠦ᠂ ᠱᠠᠩᠨᠠᠯ ᠤᠨ ᠵᠦᠢᠯᠡᠰ ᠢ ᠯᠡ ᠬᠥᠭᠡᠭᠡᠴᠡᠯᠳᠦᠬᠦ ᠬᠡᠯᠪᠡᠷᠢᠯ ᠢ ᠠᠷᠢᠯᠭᠠᠵᠤ᠂ ᠵᠠᠩ ᠮᠣᠷᠠᠯ᠂ ᠴᠢᠳᠠᠪᠤᠷᠢ᠂ ᠠᠵᠢᠯ ᠤᠨ ᠪᠦᠲᠦᠮᠵᠢ ᠶᠢᠨ ᠤᠳᠤᠷᠢᠳᠤᠮᠵᠢ ᠶᠢ ᠳᠣᠪᠤᠶᠢᠯᠭᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ᠂ ᠵᠠᠷᠤᠳᠠᠯ ᠤᠨ ᠲᠤᠭ᠎ᠠ ᠬᠡᠮᠵᠢᠶ᠎ᠡ᠂ ᠱᠠᠩᠨᠠᠯ ᠭᠥᠷᠳᠡᠭᠰᠡᠨ ᠪᠠᠶᠢᠳᠠᠯ᠂ ᠥᠭᠦᠯᠡᠯ ᠨᠡᠶᠢᠲᠡᠯᠡᠭᠰᠡᠨ ᠬᠤᠭᠤᠴᠠᠭᠠᠲᠤ ᠰᠡᠳᠬᠦᠯ ᠤᠨ ᠲᠠᠰ ᠳᠠᠪᠬᠤᠷᠭ᠎ᠠ᠂ ᠵᠡᠷᠭᠡ ᠬᠡᠷᠬᠡᠮ᠂ ᠴᠣᠯᠠ ᠵᠡᠷᠭᠡ ᠶᠢ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠬᠢᠵᠠᠭᠠᠷᠯᠠᠬᠤ ᠴᠢᠨᠠᠷᠲᠠᠶ ᠱᠠᠭᠠᠷᠳᠠᠯᠭ᠎ᠠ ᠪᠣᠯᠭᠠᠬᠤ ᠥᠬᠡᠶ᠃ ᠬᠠᠤᠯᠢ ᠪᠠᠷ ᠲᠣᠭᠲᠠᠭᠠᠭᠰᠠᠨ ᠦᠨᠡᠮᠯᠡᠯ᠂ ᠪᠢᠴᠢᠭ ᠢᠶᠠᠷ ᠮᠡᠳᠡᠭᠳᠡᠬᠦ ᠠᠮᠠᠯᠠᠯᠲᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠳᠣᠲᠣᠭᠠᠳᠤ ᠳᠠᠭᠠᠨ ᠬᠢᠨᠠᠨ ᠪᠠᠶᠢᠴᠠᠭᠠᠬᠤ ᠪᠤᠶᠤ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠢᠨᠠᠨ ᠪᠠᠶᠢᠴᠠᠭᠠᠬᠤ᠂ ᠰᠦᠯᠵᠢᠶ᠎ᠡ ᠪᠠᠷ ᠬᠢᠨᠠᠨ ᠰᠢᠯᠭᠠᠬᠤ ᠵᠡᠷᠭᠡ ᠪᠠᠷ ᠳᠠᠮᠵᠢᠭᠤᠯᠤᠨ ᠭᠦᠢᠴᠡᠳᠬᠡᠵᠦ ᠳᠡᠶᠢᠯᠬᠦ ᠪᠦᠬᠦᠨ ᠢ ᠮᠡᠳᠡᠭᠦᠯᠦᠭᠰᠡᠨ ᠬᠥᠮᠦᠨ ᠢᠶᠠᠷ ᠢᠯᠡᠭᠦᠴᠡ ᠭᠡᠷᠡᠴᠢᠯᠡᠬᠦ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠬᠤ ᠦᠭᠡᠶ᠃ ᠡᠭᠦᠨ ᠤ ᠬᠠᠮᠲᠤ᠂ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠳᠠᠬᠢ ᠬᠥᠮᠦᠨ ᠬᠡᠷᠡᠭᠯᠡᠬᠦ ᠭᠤᠤᠯ ᠴᠣᠭᠴᠠ ᠶᠢᠨ ᠭᠤᠤᠯᠯᠠᠬᠤ ᠦᠢᠯᠡᠳᠦᠯ ᠢ ᠪᠠᠳᠠᠷᠠᠭᠤᠯᠵᠤ᠂ ᠠᠯᠬᠤᠮ ᠠᠯᠬᠤᠮ ᠢᠶᠠᠷ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠡᠷᠬᠡ ᠶᠢ ᠬᠥᠮᠦᠨ ᠬᠡᠷᠡᠭᠯᠡᠬᠦ ᠨᠢᠭᠡᠴᠢ ᠳᠤ ᠤᠯᠭᠤᠵᠤ ᠂ ᠪᠡᠶ᠎ᠡ ᠪᠠᠨ ᠳᠠᠭᠠᠭᠠᠵᠤ ᠦᠨᠡᠯᠡᠨ ᠬᠢᠨᠠᠭᠤᠯᠤᠨ᠎ᠠ᠃ ᠡᠨᠡ ᠵᠢᠯ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠦᠨᠡᠯᠡᠨ ᠬᠢᠨᠠᠬᠤ ᠡᠷᠬᠡ ᠶᠢ 2 ᠣᠷᠣᠨ ᠪᠦᠰᠡ ᠶᠢᠨ ᠡᠮᠴᠢᠯᠡᠭᠡᠨ ᠤ ᠲᠥᠪ᠂ 1 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠠᠭᠤᠯᠭᠠᠵᠤ᠂ ᠨᠡᠶᠢᠭᠡᠮᠴᠢᠯᠡᠭᠰᠡᠨ ᠮᠡᠷᠭᠡᠵᠢᠯ ᠤᠨ ᠴᠣᠯᠠ ᠦᠨᠡᠯᠡᠨ ᠬᠢᠨᠠᠬᠤ ᠺᠣᠮᠢᠰ ᠢ ᠰᠢᠨ᠎ᠡ ᠪᠠᠷ 2 ᠶᠢ ᠪᠠᠶᠢᠭᠤᠯᠵᠤ᠂ ᠢᠨᠵᠧᠨᠧᠷᠢᠩ ᠤᠨ ᠰᠢᠷᠢᠰ ᠨᠢᠭᠤᠴᠠ ᠶᠢ ᠬᠠᠮᠠᠭᠠᠯᠠᠬᠤ ᠰᠢᠰᠲ᠋ᠧᠮ᠂ ᠲᠣᠮᠣ ᠳ᠋ᠠᠶᠢᠲ᠋ᠠ ᠶᠢᠨ ᠲᠤᠰᠬᠠᠶ ᠮᠡᠷᠭᠡᠵᠢᠯ ᠤᠨ ᠮᠡᠷᠭᠡᠵᠢᠯ ᠤᠨ ᠴᠣᠯᠠ ᠦᠨᠡᠯᠡᠨ ᠬᠢᠨᠠᠬᠤ ᠠᠵᠢᠯ ᠢ ᠲᠣᠰ ᠲᠣᠰ ᠥᠷᠨᠢᠭᠦᠯᠬᠦ ᠪᠤᠯᠤᠨ᠎ᠠ᠃ ᠲᠤᠰᠬᠠᠶ ᠮᠡᠷᠭᠡᠵᠢᠯ ᠤᠨ ᠴᠢᠳᠠᠪᠤᠷᠢᠲᠠᠨ ᠨᠢᠭᠲᠠᠷᠠᠭᠰᠠᠨ᠂ ᠮᠡᠷᠭᠡᠵᠢᠯ ᠤᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠳᠣᠲᠣᠭᠠᠳᠤ ᠶᠢᠨ ᠬᠠᠮᠢᠶᠠᠷᠤᠯᠲᠠ ᠨᠢ ᠵᠢᠷᠤᠮᠵᠢᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ᠂ ᠬᠡᠪᠴᠢᠶᠡᠲᠦ ᠠᠵᠤ ᠠᠬᠤᠢᠢᠯᠠᠯ ᠵᠢᠴᠢ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠣᠷᠣᠨ ᠪᠦᠰᠡ ᠶᠢᠨ ᠡᠮᠴᠢᠯᠡᠭᠡᠨ ᠤ ᠲᠥᠪ ᠵᠡᠷᠭᠡ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠶᠢ ᠡᠵᠡᠨ ᠮᠡᠳᠡᠵᠦ ᠥᠷᠨᠢᠭᠦᠯᠬᠦ ᠶᠢ ᠵᠣᠷᠢᠭᠵᠢᠭᠤᠯᠤᠨ᠎ᠠ᠃      ᠡᠨᠡ ᠵᠢᠯ᠂ ᠮᠠᠨ ᠤ ᠤᠷᠤᠨ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠥᠪᠡᠷᠲᠡᠭᠡᠨ ᠵᠠᠰᠠᠬᠤ ᠣᠷᠣᠨ ᠤ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ᠂ ᠫᠤᠰᠲ ᠳ᠋ᠣᠺᠲ᠋ᠣᠷ ᠤᠨ ᠴᠢᠳᠠᠪᠤᠷᠢᠲᠠᠨ᠂ ᠭᠠᠳᠠᠭᠠᠳᠤ ᠠᠴᠠ ᠤᠯᠤᠰ ᠲᠠᠭᠠᠨ ᠪᠤᠴᠠᠵᠤ ᠢᠷᠡᠭᠰᠡᠨ ᠴᠢᠳᠠᠪᠤᠷᠢᠲᠠᠨ ᠵᠡᠷᠭᠡ ᠳᠤ ᠰᠠᠭᠠᠳ ᠥᠬᠡᠶ ᠨᠡᠪᠲᠡᠷᠡᠬᠦ ᠮᠡᠷᠭᠡᠵᠢᠯ ᠤᠨ ᠴᠣᠯᠠ ᠦᠨᠡᠯᠡᠨ ᠬᠢᠨᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠤᠤᠰ ᠥᠬᠡᠶ ᠴᠢᠳᠠᠪᠤᠷᠢ ᠲᠠᠢ᠂ ᠬᠤᠤᠰ ᠥᠬᠡᠶ ᠮᠡᠷᠭᠡᠵᠢᠯ ᠲᠠᠢ ᠳᠡᠭᠡᠳᠦ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠮᠡᠷᠭᠡᠵᠢᠯ ᠤᠨ ᠴᠣᠯᠠ ᠦᠨᠡᠯᠡᠨ ᠬᠢᠨᠠᠬᠤ ᠰᠠᠭᠠᠳ ᠥᠬᠡᠶ ᠨᠡᠪᠲᠡᠷᠡᠬᠦ ᠬᠡᠪᠴᠢᠶᠡᠨ ᠳᠤ ᠣᠷᠣᠭᠤᠯᠤᠨ᠎ᠠ ᠃ ᠪᠥᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠦᠨᠡᠯᠡᠨ ᠬᠢᠨᠠᠬᠤ ᠺᠣᠮᠢᠰ ᠤᠨ ᠮᠡᠷᠭᠡᠵᠢᠯ ᠤᠨ ᠴᠣᠯᠠ ᠦᠨᠡᠯᠡᠨ ᠬᠢᠨᠠᠬᠤ ᠠᠵᠢᠯ ᠳᠤ ᠬᠢᠨᠠᠯᠲᠠ ᠲᠠᠯᠪᠢᠵᠤ ᠵᠢᠯᠣᠭᠤᠳᠬᠤ ᠡᠷᠴᠢᠮ ᠢᠶᠠᠨ ᠴᠢᠩᠭᠠᠳᠬᠠᠵᠤ ᠂ ᠡᠯ᠎ᠡ ᠵᠦᠢᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠦᠨᠡᠯᠡᠨ ᠬᠢᠨᠠᠬᠤ ᠺᠣᠮᠢᠰ ᠨᠢ ᠦᠨᠡᠯᠡᠨ ᠬᠢᠨᠠᠬᠤ ᠠᠴᠠ ᠡᠮᠦᠨ᠎ᠡ᠂ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠢᠯᠭᠠᠷᠠᠭᠤᠯᠤᠨ ᠵᠢᠷᠤᠮᠵᠢᠭᠤᠯᠵᠤ᠂ ᠪᠡᠶ᠎ᠡ ᠪᠠᠨ ᠳᠠᠭᠠᠭᠠᠵᠤ ᠦᠨᠡᠯᠡᠨ ᠬᠢᠨᠠᠬᠤ ᠳᠤ ᠭᠤᠷᠪᠠᠨ ᠤ ᠨᠢᠭᠡ ᠬᠤᠪᠢ ᠠᠴᠠ ᠳᠡᠭᠡᠭᠰᠢᠬᠢ ᠲᠤᠰ ᠨᠢᠭᠡᠴᠢ ᠶᠢᠨ ᠪᠤᠰᠤ ᠠᠵᠢᠯ ᠨᠢᠭᠡᠲᠡᠨ ᠤ ᠲᠤᠰᠬᠠᠶ ᠮᠡᠷᠭᠡᠵᠢᠯᠲᠡᠨ ᠰᠢᠯᠭᠠᠷᠠᠭᠤᠯᠬᠤ ᠺᠣᠮᠢᠰ ᠤᠨ ᠭᠡᠰᠢᠭᠦᠨ ᠣᠷᠣᠯᠴᠠᠬᠤ ᠶᠢ ᠪᠠᠲᠤᠯᠠᠬᠤ ᠬᠡᠷᠡᠭᠲᠡᠶ᠃      ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ ᠬᠥᠮᠦᠰ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵ᠰᠦᠯᠵᠢᠶ᠎ᠡ ᠶᠢᠨ ᠬᠠᠶ᠋ᠢᠭ᠄ www.nmgrck.cn︶ ᠳᠤ ᠭᠠᠷᠬᠤ ᠪᠠᠷ ᠳᠡᠮᠵᠢᠨ᠂ ᠮᠡᠳᠡᠭᠡ ᠵᠠᠩᠭᠢ ᠲᠠᠭᠯᠠᠨ ᠪᠢᠴᠢᠵᠦ ᠰᠢᠭᠤᠳ ᠬᠠᠷᠠᠭᠠᠯᠵᠠᠭᠰᠠᠨ ᠲᠠᠰ ᠳᠠᠪᠬᠤᠷᠭ᠎ᠠ ᠶᠢᠨ ᠮᠡᠷᠭᠡᠵᠢᠯ ᠤᠨ ᠴᠣᠯᠠ ᠦᠨᠡᠯᠡᠨ ᠬᠢᠨᠠᠭᠤᠯᠬᠤ ᠪᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠡᠭᠦᠨ ᠤ ᠬᠠᠮᠲᠤ᠂ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠮᠡᠷᠭᠡᠵᠢᠯ ᠤᠨ ᠴᠣᠯᠠ ᠦᠨᠡᠯᠡᠨ ᠬᠢᠨᠠᠬᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠤᠨ ᠬᠥᠮᠥᠷᠭᠡ ᠪᠠᠶᠢᠭᠤᠯᠵᠤ᠂ ᠰᠢᠯᠭᠠᠷᠠᠭᠤᠯᠬᠤ ᠳᠤ ᠣᠷᠣᠯᠴᠠᠭᠰᠠᠳ᠂ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ᠂ ᠠᠵᠢᠯᠲᠠᠳ ᠵᠢᠴᠢ ᠦᠨᠡᠯᠡᠨ ᠬᠢᠨᠠᠬᠤ ᠺᠣᠮᠢᠰ ᠤᠨ ᠵᠣᠬᠢᠶᠠᠨ ᠪᠠᠶᠢᠭᠤᠯᠤᠭᠰᠠᠨ ᠨᠢᠭᠡᠴᠢ᠂ ᠬᠥᠮᠦᠨ ᠬᠡᠷᠡᠭᠯᠡᠬᠦ ᠨᠢᠭᠡᠴᠢ ᠶᠢᠨ ᠮᠡᠷᠭᠡᠵᠢᠯ ᠤᠨ ᠴᠣᠯᠠ ᠦᠨᠡᠯᠡᠨ ᠬᠢᠨᠠᠬᠤ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠳᠤ ᠲᠡᠮᠳᠡᠭᠯᠡᠯ ᠬᠢᠵᠦ᠂ ᠢᠲᠡᠭᠡᠮᠵᠢ ᠠᠯᠳᠠᠭᠰᠠᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠳᠠᠮᠵᠢᠭᠤᠯᠤᠨ᠂ ᠪᠥᠬᠦ ᠣᠷᠣᠨ ᠤ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠶᠢᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠠᠬᠢᠭᠤᠯᠤᠨ᠎ᠠ᠃(ᠮᠧᠢ ᠭᠠᠩ︶
 
ᠢᠷᠡᠯᠲᠡ᠄ ᠦᠪᠤᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号