5 ᠰᠠᠷ᠎ᠠ ᠶᠢᠨ 24 ᠤ ᠡᠳᠦᠷ᠂ ᠷᠠᠰᠢᠶᠠᠨ ᠬᠤᠲᠠ ︽ᠪᠣᠬᠢᠷᠲᠤᠯ ᠥᠬᠡᠶ ᠪᠠᠷ ᠶᠠᠪᠤᠵᠤ ᠰᠠᠭᠤᠬᠤ ᠶᠢ | ᠰᠠᠨᠠᠭᠠᠴᠢᠯᠡᠵᠦ᠂ ᠨᠡᠭᠦᠷᠡᠰᠦᠳᠦ᠋ᠷᠦᠭᠴᠢ ᠪᠠᠭ᠎ᠠ ᠭᠠᠳᠠᠬᠰᠢᠯᠠᠭᠤᠯᠬᠤ ᠠᠮᠢᠳᠤᠷᠠᠯ ᠢ ᠬᠠᠮᠲᠤ ᠪᠠᠷ ᠡᠳ᠋ᠯᠡᠶ᠎ᠠ︾ ᠭᠡᠬᠦ ᠭᠤᠤᠯ | ᠰᠡᠳᠦᠪᠲᠦ ᠠᠵᠢᠯᠯᠠᠭ᠎ᠠ ᠵᠢᠴᠢ ᠠᠩᠬᠠᠳᠤᠭᠠᠷ ᠬᠤᠭᠤᠴᠠᠭᠠᠨ ᠤ ᠳᠤᠭᠤᠶ ᠲᠡᠷᠭᠡ ᠪᠠᠷ ᠬᠤᠲᠠ ᠲᠣᠭᠤᠷᠢᠬᠤ ᠤᠷᠤᠯᠳᠤᠭᠠᠨ | ᠡᠷᠬᠢᠯᠡᠵᠠᠢ᠃ 1000 ᠭᠠᠷᠤᠢ ᠺᠠᠳ᠋ᠷ ᠠᠵᠢᠯᠳᠠᠨ ᠠᠵᠢᠯᠴᠢᠨ ᠪᠣᠯᠤᠨ ᠬᠤᠳᠠ ᠶᠢᠨ ᠠᠷᠠᠳ ᠠᠵᠢᠯᠯᠠᠭ᠎ᠠ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠠᠵᠢᠯ ᠲᠦᠷᠦᠯ ᠤᠨ ᠲᠥᠯᠥᠭᠡᠯᠡᠭᠴᠢ ︽ᠪᠣᠬᠢᠷᠲᠤᠯ ᠦᠭᠡᠢ ᠶᠠᠪᠤᠵᠤ | ᠰᠠᠭᠤᠬᠤ ᠶᠢ ᠰᠠᠨᠠᠭᠠᠴᠢᠯᠡᠵᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠬᠠᠮᠲᠤᠪᠠᠷ ᠡᠳ᠋ᠯᠡᠶ᠎ᠠ︾ ᠭᠡᠵᠤ | ᠠᠮᠠᠯᠳᠠᠬᠤ ᠶᠢᠨ ᠬᠠᠮᠲᠤ ᠥᠷᠭᠡᠨ ᠤᠯᠠᠨ ᠺᠠᠳ᠋ᠷ ᠠᠵᠢᠯᠳᠠᠨ᠂ ᠬᠤᠳᠠ ᠶᠢᠨ ᠠᠷᠠᠳ ᠢ ᠠᠵᠢᠯᠯᠠᠭ᠎ᠠ ᠳᠤ ᠢᠳᠡᠪᠬᠢᠲᠡᠢ | ᠣᠷᠣᠯᠴᠠᠬᠤ ᠶᠢ ᠤᠷᠢᠶᠠᠯᠠᠵᠤ᠂ ᠪᠣᠬᠢᠷᠲᠤᠯ ᠦᠭᠡᠢ ᠷᠠᠰᠢᠶᠠᠨ ᠢ ᠪᠦᠳᠦᠭᠡᠨ ᠪᠠᠶᠢᠭᠤᠯᠬᠤ᠂ ᠤᠮᠠᠷᠠᠲᠤ ᠶᠢᠨ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠤᠬᠠᠢ ᠤᠷᠢᠶᠠᠯᠠᠵᠠᠢ᠃ | ᠳᠣᠬᠢᠶ᠎ᠠ ᠳᠤᠤᠭᠠᠷᠬᠤ ᠶᠢ ᠳᠠᠭᠠᠯᠳᠤᠨ᠂ ᠲᠠᠮᠢᠷᠴᠢᠳ ᠥᠩᠭᠡᠲᠦ ᠬᠤᠪᠴᠠᠰᠤ ᠡᠮᠦᠰᠦᠨ᠂ ᠰᠢᠨ᠎ᠡ ᠪᠠᠷ | ᠠᠰᠢᠭᠯᠠᠯᠲᠠ ᠳᠤ ᠣᠷᠣᠭᠤᠯᠤᠭᠰᠠᠨ ᠬᠦᠳᠡᠯᠭᠡᠬᠦ ᠬᠦᠴᠦᠨ ᠦᠭᠡᠢ ᠳᠤᠭᠤᠶ ᠲᠡᠷᠭᠡ ᠶᠢ ᠤᠨᠤᠵᠤ ᠤᠷᠤᠯᠳᠤᠭᠠᠨ ᠢᠶᠠᠨ | ᠵᠢᠩᠬᠢᠨᠢ ᠪᠠᠷ ᠡᠬᠢᠯᠡᠭᠦᠯᠵᠠᠢ᠃ ᠷᠠᠰᠢᠶᠠᠨ ᠤ ᠱᠧᠩ ᠴᠢᠦᠸᠠᠨ ᠠᠭᠤᠳᠠᠮ ᠲᠠᠯᠠᠪᠠᠢ ᠪᠠᠷ ᠲᠤᠰ ᠤᠳᠠᠭᠠᠨ ᠤ ᠤᠷᠤᠯᠳᠤᠭᠠᠨ ᠤ | ᠡᠬᠢᠯᠡᠯᠲᠡ ᠶᠢᠨ ᠴᠡᠭ ᠪᠣᠯᠭᠠᠵᠤ᠂ ᠤᠷᠤᠯᠳᠤᠭᠠᠨ ᠳᠤ ᠤᠷᠤᠯᠴᠠᠬᠰᠡᠳ ᠱᠧᠩ ᠴᠢᠤᠸᠠᠨ ᠴᠠᠰᠤᠨ ᠤ ᠴᠤᠭᠯᠠᠷᠠᠯ᠂ ᠪᠡᠶ᠎ᠡ ᠶᠢᠨ | ᠲᠠᠮᠢᠷ ᠤᠨ ᠴᠡᠴᠡᠷᠯᠢᠭ ᠵᠡᠷᠭᠡ ᠵᠡᠭᠡᠯᠢ ᠶᠢᠨ ᠦᠵᠡᠮᠵᠢ ᠶᠢ ᠰᠣᠨᠢᠷᠬᠠᠵᠤ᠂ ᠪᠣᠬᠢᠷᠲᠤᠯ ᠦᠭᠡᠢ ᠶᠠᠪᠤᠵᠤ ᠰᠠᠭᠤᠬᠤ᠂ ᠰᠡᠯᠡᠭᠦᠴᠡᠨ | ᠠᠮᠠᠷᠠᠬᠤ ᠰᠠᠶᠢᠨ ᠰᠠᠶᠢᠬᠠᠨ ᠴᠠᠭ ᠮᠥᠴᠡ ᠶᠢ ᠡᠳ᠋ᠯᠡᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠪᠠᠰᠠ ᠬᠤᠲᠠ ᠶᠢᠨ ᠠᠷᠠᠳ ᠵᠢᠴᠢ ᠵᠢᠭᠤᠯᠴᠢᠯᠠᠭᠴᠢᠳ ᠲᠤ ᠣᠷᠴᠢᠨ | ᠠᠬᠤᠶ ᠶᠢᠨ ᠬᠠᠮᠠᠭᠠᠯᠠᠯᠲᠠ ᠶᠢᠨ ᠤᠭᠤᠲᠠ ᠶᠢ 5000 ᠭᠠᠷᠤᠶ ᠲᠦᠭᠡᠭᠡᠨ ᠥᠭᠴᠦ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠪᠠ ᠣᠷᠴᠢᠨ ᠠᠬᠤᠶ ᠪᠠᠨ ᠬᠠᠮᠠᠭᠠᠯᠠᠬᠤ ᠰᠡᠳᠭᠢᠯᠭᠡ ᠶᠢ ᠨᠢ ᠤᠷᠮᠠᠰᠢᠭᠤᠯᠵᠦ᠂ ᠬᠥᠮᠦᠨ ᠪᠦᠬᠦᠨ | ᠪᠣᠬᠢᠷᠲᠤᠯ ᠥᠬᠡᠶ ᠬᠤᠲᠠ ᠶᠢᠨ ᠪᠥᠲᠥᠭᠡᠨ ᠪᠠᠶᠢᠭᠤᠯᠤᠭᠴᠢ᠂ ᠬᠠᠮᠲᠤ ᠪᠠᠷ ᠡᠳ᠋ᠯᠡᠭᠴᠢ ᠪᠣᠯᠬᠤ ᠶᠢ ᠲᠠᠶᠢᠴᠢᠯᠠᠵᠠᠢ᠃ | ᠷᠠᠰᠢᠶᠠᠨ ᠬᠤᠲᠠ ᠪᠠᠰᠠ ᠵᠢᠭᠤᠯᠴᠢᠯᠡᠯ ᠤᠨ ᠦᠵᠡᠮᠵᠢ ᠶᠢᠨ ᠤᠷᠤᠨ ᠳᠠᠭᠠᠨ ᠮᠤᠷᠢᠨ ᠲᠡᠷᠭᠡ᠂ ᠵᠢᠭᠤᠯᠴᠢᠯᠡᠯ ᠤᠨ | ᠵᠢᠵᠢᠭ ᠭᠠᠯᠲᠤ ᠲᠡᠷᠭᠡ᠂ ᠴᠠᠬᠢᠯᠭᠠᠨ ᠬᠥᠳᠡᠯᠭᠡᠭᠦᠷᠲᠦ ᠵᠢᠭᠤᠯᠴᠢᠯᠡᠯ ᠤᠨ ᠲᠡᠷᠭᠡ᠂ ᠬᠥᠳᠡᠯᠭᠡᠬᠦ ᠬᠦᠴᠦᠨ ᠦᠭᠡᠢ ᠳᠤᠭᠤᠢ | ᠲᠡᠷᠭᠡ ᠵᠡᠷᠭᠡ ᠤᠯᠠᠨ ᠡᠰᠢᠴᠢᠯᠡᠭᠰᠡᠨ ᠪᠣᠬᠢᠷᠲᠤᠯ ᠦᠭᠡᠢ ᠵᠢᠭᠤᠯᠴᠢᠯᠡᠯ ᠤᠨ ᠵᠠᠮ ᠬᠠᠷᠢᠯᠴᠠᠭᠠᠨ ᠤ ᠲᠥᠬᠦᠭᠡᠷᠦᠮᠵᠢ | ᠲᠤᠬᠢᠷᠠᠭᠤᠯᠵᠦ ᠬᠤᠳᠠ ᠶᠢᠨ ᠠᠷᠠᠳ ᠪᠣᠯᠤᠨ ᠵᠢᠭᠤᠯᠴᠢᠯᠠᠭᠴᠢᠳ ᠲᠤ ᠳᠥᠭᠦᠮ ᠳᠥᠲᠡ ᠲᠠᠭᠠᠯᠠᠮᠵᠢᠲᠠᠢ ᠵᠢᠭᠤᠯᠴᠢᠯᠡᠨ | ᠲᠣᠭᠤᠷᠢᠬᠤ ᠤᠷᠴᠢᠨ ᠠᠬᠤᠢ ᠬᠠᠨᠭ᠍ᠭᠠᠵᠦ ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠷᠠᠰᠢᠶᠠᠨ ᠬᠤᠲᠠ ︽ᠪᠣᠬᠢᠷᠲᠤᠯ ᠥᠬᠡᠶ +︾ ᠵᠠᠬᠪᠤᠷ ᠢ ᠪᠥᠬᠦ ᠲᠠᠯ᠎ᠠ ᠪᠠᠷ | ᠬᠡᠷᠡᠭᠵᠢᠭᠦᠯᠵᠦ᠂ ︽ᠤᠯᠤᠰ ᠤᠨ ᠳᠣᠲᠣᠭᠠᠳᠤ ᠶᠢᠨ ᠲᠡᠷᠢᠭᠦᠨ ᠤ᠂ ᠳᠡᠯᠡᠬᠡᠶ ᠳᠤ ᠠᠯᠳᠠᠷᠲᠠᠶ︾ ᠵᠢᠭᠤᠯᠴᠢᠯᠠᠯ ᠤᠨ ᠬᠤᠲᠠ ᠶᠢ | ᠪᠥᠲᠥᠭᠡᠨ ᠪᠠᠶᠢᠭᠤᠯᠬᠤ ᠪᠠᠷ ᠬᠠᠷᠠᠯᠳᠠ ᠪᠤᠯᠭᠠᠨ᠂ ᠪᠣᠬᠢᠷᠲᠤᠯ ᠥᠬᠡᠶ ᠵᠢᠵᠢᠭ ᠬᠤᠲᠠ ᠶᠢ ᠪᠥᠲᠥᠭᠡᠨ ᠪᠠᠶᠢᠭᠤᠯᠬᠤ | ᠠᠵᠢᠯᠯᠠᠭ᠎ᠠ ᠶᠢ ᠪᠥᠬᠦ ᠣᠷᠣᠨ ᠤ ᠬᠡᠪᠴᠢᠶᠡᠨ ᠳᠤ ᠬᠠᠮᠤᠭ ᠲᠦᠷᠦᠭᠦᠤ ᠡᠬᠢᠯᠡᠭᠦᠯᠦᠭᠰᠡᠨ ᠪᠠᠶᠢᠨ᠎ᠠ᠃ ᠬᠡᠬᠦ ᠳᠡᠭᠡᠨ ᠡᠬᠢ | ᠪᠠᠶᠠᠯᠢᠭ ᠢ ᠠᠷᠪᠢᠯᠠᠬᠤ ᠪᠠ ᠵᠤᠬᠢᠴᠠᠩᠭᠤᠢ ᠬᠥᠭᠵᠢᠭᠦᠯᠬᠦ ᠠᠷᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠢᠶᠠᠷ | ᠭᠤᠤᠯᠯᠠᠭᠤᠯᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠᠷ ᠳᠠᠮᠵᠢᠭᠤᠯᠤᠨ ᠪᠣᠬᠢᠷᠲᠤᠯ ᠥᠬᠡᠶ ᠬᠥᠭᠵᠢᠯᠲᠡ ᠶᠢᠨ | ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠭᠦᠯᠵᠠᠢ᠃ | ᠪᠣᠬᠢᠷᠲᠤᠯ ᠦᠭᠡᠶ ᠵᠢᠵᠢᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ | ᠨᠠᠭᠠᠰᠢ᠂ ᠷᠠᠰᠢᠶᠠᠨ ᠬᠤᠲᠠ ᠶᠢᠨ ᠬᠢᠨ ︽ᠬᠠᠶᠠᠭᠳᠠᠮᠠᠯ ᠦᠭᠡᠶ᠂ ᠤᠲᠤᠭ᠎ᠠ ᠦᠭᠡᠶ᠂ ᠬᠥᠳᠡᠯᠭᠡᠬᠦ ᠬᠦᠴᠦᠨ ᠦᠭᠡᠶ︾ | ᠬᠤᠲᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠨᠧᠷᠭᠢ ᠠᠷᠪᠢᠯᠠᠬᠤ | ᠂ ᠣᠷᠴᠢᠨ ᠲᠣᠭᠤᠷᠢᠨ ᠢ ᠬᠠᠮᠠᠭᠠᠯᠠᠬᠤ ᠣᠨᠣᠯᠵᠢᠬᠤᠨ ᠢ ᠪᠠᠷᠢᠮᠲᠠᠯᠠᠨ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ | ᠣᠷᠣᠨ ᠵᠠᠶ ᠶᠢᠨ ᠪᠠᠶᠢᠷᠢᠰᠢᠭᠤᠯᠤᠯᠲᠠ ᠶᠢ ᠵᠦᠶ ᠵᠣᠬᠢᠰᠲᠠᠶ ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ | ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠭᠡᠬᠦ ᠪᠠ ᠨᠡᠮᠡᠭᠳᠡᠭᠦᠯᠬᠦ ᠶᠢ ᠠᠬᠢᠭᠤᠯᠵᠤ᠂ ᠠᠮᠢ ᠠᠬᠤᠶ ᠶᠢᠨ | ᠠᠮᠤᠷ ᠲᠦᠪᠰᠢᠨ ᠪᠠ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠠᠵᠢᠯ ᠬᠢᠬᠦ ᠳᠤ ᠲᠣᠬᠢᠷᠠᠮᠵᠢᠲᠠᠶ᠂ ᠵᠢᠭᠤᠯᠴᠢᠯᠠᠬᠤ ᠳᠤ ᠲᠣᠬᠢᠷᠠᠮᠵᠢᠲᠠᠶ | ᠷᠠᠰᠢᠶᠠᠨ ᠬᠤᠲᠠ ᠶᠢ ᠪᠥᠲᠥᠭᠡᠨ ᠪᠠᠶᠢᠭᠤᠯᠵᠤ᠂ ︽ᠳᠣᠮᠣᠭᠲᠤ ᠷᠠᠰᠢᠶᠠᠨ︾ ᠤ ᠬᠤᠲᠠ ᠶᠢᠨ ᠳᠦᠷᠢ ᠲᠥᠷᠬᠦ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ ᠪᠠᠶᠢᠨ᠎ᠠ᠃ ︵ᠳᠠᠷᠬᠠᠨ ᠷᠠᠰᠢᠶᠠᠨ︶ |