ᠷᠠᠰᠢᠶᠠᠨ ᠬᠤᠲᠠ ︽ᠪᠣᠬᠢᠷᠲᠤᠯ ᠥᠬᠡᠶ ᠪᠠᠷ ᠶᠠᠪᠤᠵᠦ ᠰᠠᠭᠤᠬᠤ ᠶᠢ ᠰᠠᠨᠠᠭᠠᠴᠢᠯᠡᠵᠦ ᠨᠡᠭᠦᠷᠡᠰᠦᠳᠦ᠋ᠷᠦᠭᠴᠢ ᠪᠠᠭ᠎ᠠ ᠭᠠᠳᠠᠬᠰᠢᠯᠠᠭᠤᠯᠬᠤ ᠠᠮᠢᠳᠤᠷᠠᠯ ᠢ ᠬᠠᠮᠲᠤ ᠪᠠᠷ ᠡᠳ᠋ᠯᠡᠶ᠎ᠠ ︾ ᠬᠡᠬᠦ ᠭᠤᠤᠯ ᠰᠡᠳᠦᠪᠲᠦ ᠠᠵᠢᠯᠯᠠᠭ᠎ᠠ ᠵᠢᠴᠢ ᠠᠩᠬᠠᠳᠤᠭᠠᠷ ᠬᠤᠭᠤᠴᠠᠭᠠᠨ ᠤ ᠳᠤᠭᠤᠶ ᠲᠡᠷᠭᠡ ᠪᠠᠷ ᠬᠤᠲᠠ ᠲᠣᠭᠤᠷᠢᠬᠤ ᠤᠷᠤᠯᠳᠤᠭᠠᠨ ᠡᠷᠬᠢᠯᠡᠵᠠᠢ
ᠨᠡᠶᠢᠲᠡᠯᠡᠭᠰᠡᠨ ᠴᠠᠭ᠄
2024/5/31
     5 ᠰᠠᠷ᠎ᠠ ᠶᠢᠨ 24 ᠤ ᠡᠳᠦᠷ᠂ ᠷᠠᠰᠢᠶᠠᠨ ᠬᠤᠲᠠ ︽ᠪᠣᠬᠢᠷᠲᠤᠯ ᠥᠬᠡᠶ ᠪᠠᠷ ᠶᠠᠪᠤᠵᠤ ᠰᠠᠭᠤᠬᠤ ᠶᠢ ᠰᠠᠨᠠᠭᠠᠴᠢᠯᠡᠵᠦ᠂ ᠨᠡᠭᠦᠷᠡᠰᠦᠳᠦ᠋ᠷᠦᠭᠴᠢ ᠪᠠᠭ᠎ᠠ ᠭᠠᠳᠠᠬᠰᠢᠯᠠᠭᠤᠯᠬᠤ ᠠᠮᠢᠳᠤᠷᠠᠯ ᠢ ᠬᠠᠮᠲᠤ ᠪᠠᠷ ᠡᠳ᠋ᠯᠡᠶ᠎ᠠ︾ ᠭᠡᠬᠦ ᠭᠤᠤᠯ ᠰᠡᠳᠦᠪᠲᠦ ᠠᠵᠢᠯᠯᠠᠭ᠎ᠠ ᠵᠢᠴᠢ ᠠᠩᠬᠠᠳᠤᠭᠠᠷ ᠬᠤᠭᠤᠴᠠᠭᠠᠨ ᠤ ᠳᠤᠭᠤᠶ ᠲᠡᠷᠭᠡ ᠪᠠᠷ ᠬᠤᠲᠠ ᠲᠣᠭᠤᠷᠢᠬᠤ ᠤᠷᠤᠯᠳᠤᠭᠠᠨ ᠡᠷᠬᠢᠯᠡᠵᠠᠢ᠃ 1000 ᠭᠠᠷᠤᠢ ᠺᠠᠳ᠋ᠷ ᠠᠵᠢᠯᠳᠠᠨ ᠠᠵᠢᠯᠴᠢᠨ ᠪᠣᠯᠤᠨ ᠬᠤᠳᠠ ᠶᠢᠨ ᠠᠷᠠᠳ ᠠᠵᠢᠯᠯᠠᠭ᠎ᠠ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠠᠵᠢᠯ ᠲᠦᠷᠦᠯ ᠤᠨ ᠲᠥᠯᠥᠭᠡᠯᠡᠭᠴᠢ ︽ᠪᠣᠬᠢᠷᠲᠤᠯ ᠦᠭᠡᠢ ᠶᠠᠪᠤᠵᠤ ᠰᠠᠭᠤᠬᠤ ᠶᠢ ᠰᠠᠨᠠᠭᠠᠴᠢᠯᠡᠵᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠬᠠᠮᠲᠤᠪᠠᠷ ᠡᠳ᠋ᠯᠡᠶ᠎ᠠ︾ ᠭᠡᠵᠤ ᠠᠮᠠᠯᠳᠠᠬᠤ ᠶᠢᠨ ᠬᠠᠮᠲᠤ ᠥᠷᠭᠡᠨ ᠤᠯᠠᠨ ᠺᠠᠳ᠋ᠷ ᠠᠵᠢᠯᠳᠠᠨ᠂ ᠬᠤᠳᠠ ᠶᠢᠨ ᠠᠷᠠᠳ ᠢ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠤᠷᠢᠶᠠᠯᠠᠵᠤ᠂ ᠪᠣᠬᠢᠷᠲᠤᠯ ᠦᠭᠡᠢ ᠷᠠᠰᠢᠶᠠᠨ ᠢ ᠪᠦᠳᠦᠭᠡᠨ ᠪᠠᠶᠢᠭᠤᠯᠬᠤ ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠤᠬᠠᠢ ᠤᠷᠢᠶᠠᠯᠠᠵᠠᠢ᠃      ᠳᠣᠬᠢᠶ᠎ᠠ ᠳᠤᠤᠭᠠᠷᠬᠤ ᠶᠢ ᠳᠠᠭᠠᠯᠳᠤᠨ᠂ ᠲᠠᠮᠢᠷᠴᠢᠳ ᠥᠩᠭᠡᠲᠦ ᠬᠤᠪᠴᠠᠰᠤ ᠡᠮᠦᠰᠦᠨ᠂ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ᠬᠦᠳᠡᠯᠭᠡᠬᠦ ᠬᠦᠴᠦᠨ ᠦᠭᠡᠢ ᠳᠤᠭᠤᠶ ᠲᠡᠷᠭᠡ ᠶᠢ ᠤᠨᠤᠵᠤ ᠤᠷᠤᠯᠳᠤᠭᠠᠨ ᠢᠶᠠᠨ ᠵᠢᠩᠬᠢᠨᠢ ᠪᠠᠷ ᠡᠬᠢᠯᠡᠭᠦᠯᠵᠠᠢ᠃ ᠷᠠᠰᠢᠶᠠᠨ ᠤ ᠱᠧᠩ ᠴᠢᠦᠸᠠᠨ ᠠᠭᠤᠳᠠᠮ ᠲᠠᠯᠠᠪᠠᠢ ᠪᠠᠷ ᠲᠤᠰ ᠤᠳᠠᠭᠠᠨ ᠤ ᠤᠷᠤᠯᠳᠤᠭᠠᠨ ᠤ ᠡᠬᠢᠯᠡᠯᠲᠡ ᠶᠢᠨ ᠴᠡᠭ ᠪᠣᠯᠭᠠᠵᠤ᠂ ᠤᠷᠤᠯᠳᠤᠭᠠᠨ ᠳᠤ ᠤᠷᠤᠯᠴᠠᠬᠰᠡᠳ ᠱᠧᠩ ᠴᠢᠤᠸᠠᠨ ᠴᠠᠰᠤᠨ ᠤ ᠴᠤᠭᠯᠠᠷᠠᠯ᠂ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠵᠡᠭᠡᠯᠢ ᠶᠢᠨ ᠦᠵᠡᠮᠵᠢ ᠶᠢ ᠰᠣᠨᠢᠷᠬᠠᠵᠤ᠂ ᠪᠣᠬᠢᠷᠲᠤᠯ ᠦᠭᠡᠢ ᠶᠠᠪᠤᠵᠤ ᠰᠠᠭᠤᠬᠤ᠂ ᠰᠡᠯᠡᠭᠦᠴᠡᠨ ᠠᠮᠠᠷᠠᠬᠤ ᠰᠠᠶᠢᠨ ᠰᠠᠶᠢᠬᠠᠨ ᠴᠠᠭ ᠮᠥᠴᠡ ᠶᠢ ᠡᠳ᠋ᠯᠡᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠪᠠᠰᠠ ᠬᠤᠲᠠ ᠶᠢᠨ ᠠᠷᠠᠳ ᠵᠢᠴᠢ ᠵᠢᠭᠤᠯᠴᠢᠯᠠᠭᠴᠢᠳ ᠲᠤ ᠣᠷᠴᠢᠨ ᠠᠬᠤᠶ ᠶᠢᠨ ᠬᠠᠮᠠᠭᠠᠯᠠᠯᠲᠠ ᠶᠢᠨ ᠤᠭᠤᠲᠠ ᠶᠢ 5000 ᠭᠠᠷᠤᠶ ᠲᠦᠭᠡᠭᠡᠨ ᠥᠭᠴᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠ ᠣᠷᠴᠢᠨ ᠠᠬᠤᠶ ᠪᠠᠨ ᠬᠠᠮᠠᠭᠠᠯᠠᠬᠤ ᠰᠡᠳᠭᠢᠯᠭᠡ ᠶᠢ ᠨᠢ ᠤᠷᠮᠠᠰᠢᠭᠤᠯᠵᠦ᠂ ᠬᠥᠮᠦᠨ ᠪᠦᠬᠦᠨ ᠪᠣᠬᠢᠷᠲᠤᠯ ᠥᠬᠡᠶ ᠬᠤᠲᠠ ᠶᠢᠨ ᠪᠥᠲᠥᠭᠡᠨ ᠪᠠᠶᠢᠭᠤᠯᠤᠭᠴᠢ᠂ ᠬᠠᠮᠲᠤ ᠪᠠᠷ ᠡᠳ᠋ᠯᠡᠭᠴᠢ ᠪᠣᠯᠬᠤ ᠶᠢ ᠲᠠᠶᠢᠴᠢᠯᠠᠵᠠᠢ᠃      ᠷᠠᠰᠢᠶᠠᠨ ᠬᠤᠲᠠ ᠪᠠᠰᠠ ᠵᠢᠭᠤᠯᠴᠢᠯᠡᠯ ᠤᠨ ᠦᠵᠡᠮᠵᠢ ᠶᠢᠨ ᠤᠷᠤᠨ ᠳᠠᠭᠠᠨ ᠮᠤᠷᠢᠨ ᠲᠡᠷᠭᠡ᠂ ᠵᠢᠭᠤᠯᠴᠢᠯᠡᠯ ᠤᠨ ᠵᠢᠵᠢᠭ ᠭᠠᠯᠲᠤ ᠲᠡᠷᠭᠡ᠂ ᠴᠠᠬᠢᠯᠭᠠᠨ ᠬᠥᠳᠡᠯᠭᠡᠭᠦᠷᠲᠦ ᠵᠢᠭᠤᠯᠴᠢᠯᠡᠯ ᠤᠨ ᠲᠡᠷᠭᠡ᠂ ᠬᠥᠳᠡᠯᠭᠡᠬᠦ ᠬᠦᠴᠦᠨ ᠦᠭᠡᠢ ᠳᠤᠭᠤᠢ ᠲᠡᠷᠭᠡ ᠵᠡᠷᠭᠡ ᠤᠯᠠᠨ ᠡᠰᠢᠴᠢᠯᠡᠭᠰᠡᠨ ᠪᠣᠬᠢᠷᠲᠤᠯ ᠦᠭᠡᠢ ᠵᠢᠭᠤᠯᠴᠢᠯᠡᠯ ᠤᠨ ᠵᠠᠮ ᠬᠠᠷᠢᠯᠴᠠᠭᠠᠨ ᠤ ᠲᠥᠬᠦᠭᠡᠷᠦᠮᠵᠢ ᠲᠤᠬᠢᠷᠠᠭᠤᠯᠵᠦ ᠬᠤᠳᠠ ᠶᠢᠨ ᠠᠷᠠᠳ ᠪᠣᠯᠤᠨ ᠵᠢᠭᠤᠯᠴᠢᠯᠠᠭᠴᠢᠳ ᠲᠤ ᠳᠥᠭᠦᠮ ᠳᠥᠲᠡ ᠲᠠᠭᠠᠯᠠᠮᠵᠢᠲᠠᠢ ᠵᠢᠭᠤᠯᠴᠢᠯᠡᠨ ᠲᠣᠭᠤᠷᠢᠬᠤ ᠤᠷᠴᠢᠨ ᠠᠬᠤᠢ ᠬᠠᠨᠭ᠍ᠭᠠᠵᠦ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠷᠠᠰᠢᠶᠠᠨ ᠬᠤᠲᠠ ︽ᠪᠣᠬᠢᠷᠲᠤᠯ ᠥᠬᠡᠶ +︾ ᠵᠠᠬᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠤᠯᠤᠰ ᠤᠨ ᠳᠣᠲᠣᠭᠠᠳᠤ ᠶᠢᠨ ᠲᠡᠷᠢᠭᠦᠨ ᠤ᠂ ᠳᠡᠯᠡᠬᠡᠶ ᠳᠤ ᠠᠯᠳᠠᠷᠲᠠᠶ︾ ᠵᠢᠭᠤᠯᠴᠢᠯᠠᠯ ᠤᠨ ᠬᠤᠲᠠ ᠶᠢ ᠪᠥᠲᠥᠭᠡᠨ ᠪᠠᠶᠢᠭᠤᠯᠬᠤ ᠪᠠᠷ ᠬᠠᠷᠠᠯᠳᠠ ᠪᠤᠯᠭᠠᠨ᠂ ᠪᠣᠬᠢᠷᠲᠤᠯ ᠥᠬᠡᠶ ᠵᠢᠵᠢᠭ ᠬᠤᠲᠠ ᠶᠢ ᠪᠥᠲᠥᠭᠡᠨ ᠪᠠᠶᠢᠭᠤᠯᠬᠤ ᠠᠵᠢᠯᠯᠠᠭ᠎ᠠ ᠶᠢ ᠪᠥᠬᠦ ᠣᠷᠣᠨ ᠤ ᠬᠡᠪᠴᠢᠶᠡᠨ ᠳᠤ ᠬᠠᠮᠤᠭ ᠲᠦᠷᠦᠭᠦᠤ ᠡᠬᠢᠯᠡᠭᠦᠯᠦᠭᠰᠡᠨ ᠪᠠᠶᠢᠨ᠎ᠠ᠃ ᠬᠡᠬᠦ ᠳᠡᠭᠡᠨ ᠡᠬᠢ ᠪᠠᠶᠠᠯᠢᠭ ᠢ ᠠᠷᠪᠢᠯᠠᠬᠤ ᠪᠠ ᠵᠤᠬᠢᠴᠠᠩᠭᠤᠢ ᠬᠥᠭᠵᠢᠭᠦᠯᠬᠦ ᠠᠷᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠᠷ ᠳᠠᠮᠵᠢᠭᠤᠯᠤᠨ ᠪᠣᠬᠢᠷᠲᠤᠯ ᠥᠬᠡᠶ ᠬᠥᠭᠵᠢᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠭᠦᠯᠵᠠᠢ᠃      ᠪᠣᠬᠢᠷᠲᠤᠯ ᠦᠭᠡᠶ ᠵᠢᠵᠢᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠷᠠᠰᠢᠶᠠᠨ ᠬᠤᠲᠠ ᠶᠢᠨ ᠬᠢᠨ ︽ᠬᠠᠶᠠᠭᠳᠠᠮᠠᠯ ᠦᠭᠡᠶ᠂ ᠤᠲᠤᠭ᠎ᠠ ᠦᠭᠡᠶ᠂ ᠬᠥᠳᠡᠯᠭᠡᠬᠦ ᠬᠦᠴᠦᠨ ᠦᠭᠡᠶ︾ ᠬᠤᠲᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠣᠨᠣᠯᠵᠢᠬᠤᠨ ᠢ ᠪᠠᠷᠢᠮᠲᠠᠯᠠᠨ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠵᠦᠶ ᠵᠣᠬᠢᠰᠲᠠᠶ ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠭᠡᠬᠦ ᠪᠠ ᠨᠡᠮᠡᠭᠳᠡᠭᠦᠯᠬᠦ ᠶᠢ ᠠᠬᠢᠭᠤᠯᠵᠤ᠂ ᠠᠮᠢ ᠠᠬᠤᠶ ᠶᠢᠨ ᠠᠮᠤᠷ ᠲᠦᠪᠰᠢᠨ ᠪᠠ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠠᠵᠢᠯ ᠬᠢᠬᠦ ᠳᠤ ᠲᠣᠬᠢᠷᠠᠮᠵᠢᠲᠠᠶ᠂ ᠵᠢᠭᠤᠯᠴᠢᠯᠠᠬᠤ ᠳᠤ ᠲᠣᠬᠢᠷᠠᠮᠵᠢᠲᠠᠶ ᠷᠠᠰᠢᠶᠠᠨ ᠬᠤᠲᠠ ᠶᠢ ᠪᠥᠲᠥᠭᠡᠨ ᠪᠠᠶᠢᠭᠤᠯᠵᠤ᠂ ︽ᠳᠣᠮᠣᠭᠲᠤ ᠷᠠᠰᠢᠶᠠᠨ︾ ᠤ ᠬᠤᠲᠠ ᠶᠢᠨ ᠳᠦᠷᠢ ᠲᠥᠷᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠠᠶᠢᠨ᠎ᠠ᠃ ︵ᠳᠠᠷᠬᠠᠨ ᠷᠠᠰᠢᠶᠠᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号