ᠸᠧᠨᠴᠢᠣᠸᠠᠨ ᠵᠡᠭᠡᠯᠢ ᠶᠢᠨ ᠰᠠᠬᠢᠯᠭ᠎ᠠ ᠪᠠᠲᠤ ᠶᠢᠨ ᠠᠵᠢᠯ ᠤᠨ ᠵᠥᠪᠯᠡᠯ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ  ᠬᠢᠵᠡᠢ
ᠨᠡᠶᠢᠲᠡᠯᠡᠭᠰᠡᠨ ᠴᠠᠭ᠄
2024/5/7
    ᠺᠠᠳ᠋ᠷ ᠠᠵᠢᠯᠳᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠦᠷᠦ ᠶᠢᠨ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ ᠪᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠲᠡᠭᠡᠭᠰᠢᠯᠠᠬᠦᠯᠵᠤ᠂ ᠢᠯᠵᠠᠷᠠᠯ ᠢ ᠰᠡᠷᠭᠡᠶᠢᠯᠡᠵᠦ ᠬᠤᠪᠢᠷᠠᠬᠤ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 6 ᠤ ᠡᠳᠦᠷ᠂ ᠸᠧᠨᠴᠢᠣᠸᠠᠨ ᠵᠡᠭᠡᠯᠢ ᠶᠢᠨ ᠰᠠᠬᠢᠯᠭ᠎ᠠ ᠪᠠᠲᠤ ᠶᠢᠨ ᠠᠵᠢᠯ ᠤᠨ ᠵᠦᠪᠯᠡᠯ ᠪᠥᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠰᠡᠷᠡᠮᠵᠢᠯᠡᠭᠦᠯᠬᠦ ᠬᠥᠮᠦᠵᠢᠯ ᠤᠨ ᠲᠤᠰᠬᠠᠶ ᠰᠡᠳᠦᠪᠲᠦ ᠹᠢᠯᠢᠮ ᠢ ᠰᠣᠨᠢᠷᠬᠠᠪᠠ᠃     ᠲᠣᠰ ᠰᠡᠷᠡᠮᠵᠢᠯᠡᠭᠦᠯᠦᠯ ᠤᠨ ᠹᠢᠯᠢᠮ ᠳᠤ ᠡᠷᠬᠡ ᠶᠢᠨ ᠦᠵᠦᠭᠦᠷ ᠲᠤ ᠣᠷᠣᠰᠢᠵᠤ ᠪᠠᠶᠢᠭ᠎ᠠ ᠵᠠᠷᠢᠮ ︽ᠥᠴᠦᠬᠡᠨ ᠬᠥᠮᠦᠨ︾ ᠤ ᠬᠦᠰᠡᠯᠡᠩ ᠢᠲᠡᠭᠡᠯ ᠵᠣᠷᠢᠭ ᠳᠤᠲᠠᠮᠠᠭ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠤᠬᠠᠮᠰᠠᠷ ᠪᠠᠭᠤᠷᠠᠶ᠂ ᠬᠢᠨᠠᠯᠲᠠ ᠬᠠᠮᠢᠶᠠᠷᠤᠯᠲᠠ ᠳᠤᠲᠠᠮᠠᠭ ᠵᠡᠷᠭᠡ ᠪᠡᠶᠡᠴᠢ ᠪᠤᠰᠤᠳᠴᠢ ᠬᠦᠴᠦᠨ ᠵᠣᠶᠢᠯ ᠠᠴᠠ ᠪᠣᠯᠵᠣ᠂ ᠭᠠᠷ ᠲᠠᠬᠢ ᠡᠷᠬᠡ ᠪᠠᠨ ᠠᠰᠢᠭᠯᠠᠨ᠂ ᠣᠬᠤᠷᠬᠠᠨ ᠬᠤᠭᠤᠴᠠᠭᠠᠨ ᠳᠤ ᠬᠡᠳᠦᠨ ᠰᠠᠷ᠎ᠠ᠂ ᠬᠡᠳᠦᠨ ᠵᠢᠯ ᠤᠨ ᠬᠤᠭᠤᠴᠠᠭᠠᠨ ᠳᠤ ᠬᠡᠳᠦᠨ ᠠᠷᠪᠠᠨ ᠤᠳᠠᠭ᠎ᠠ ᠴᠢᠨᠠᠭᠰᠢᠯᠠᠪᠠᠯ ᠬᠡᠳᠦᠨ ᠵᠠᠭᠤᠨ ᠤᠳᠠᠭ᠎ᠠ ᠱᠠᠮᠰᠢᠵᠤ ᠬᠡᠭᠡᠯᠢ ᠬᠠᠭ᠋ᠤᠤᠯᠢ ᠢᠳᠡᠵᠦ᠂ ᠠᠯᠬᠤᠮ ᠠᠯᠬᠤᠮ ᠢᠶᠠᠷ ᠢᠯᠵᠠᠷᠠᠨ ᠳᠣᠷᠦ᠋ᠢᠳᠠᠬᠤ ᠪᠥᠬᠦ ᠶᠠᠪᠤᠴᠠ ᠳᠤ ᠭᠦᠷᠦᠭᠰᠡᠨ ᠪᠠᠶᠢᠳᠠᠯ ᠢ ᠶᠠᠷᠢᠵᠠᠶ᠃ ᠡᠳᠡᠭᠡᠷ ᠨᠠᠮ ᠤᠨ ᠭᠡᠰᠢᠭᠦᠨ ᠺᠠᠳ᠋ᠷ ᠤᠤᠯ ᠨᠢ ᠤᠯᠠᠨ ᠲᠦᠮᠡᠨ ᠳᠤ ᠦᠢᠯᠡᠴᠢᠯᠡᠬᠦ ︽ᠳᠡᠷᠭᠡᠳᠡᠬᠢ ᠬᠥᠮᠦᠰ︾ ᠪᠣᠯᠬᠤ ᠶᠣᠰᠣᠲᠠᠢ᠂ ︽ᠺᠢᠨᠣ᠋ ᠶᠢᠨ ᠳᠣᠲᠣᠷᠠᠬᠢ ᠬᠥᠮᠦᠰ︾ ᠪᠤᠯᠵᠤ᠂ ᠬᠠᠷᠠᠰᠠᠯᠳᠤ ᠰᠤᠷᠭᠠᠮᠵᠢ ᠨᠢ ᠬᠥᠮᠦᠰ ᠢ ᠭᠦᠨ ᠰᠡᠳᠬᠢᠭᠦᠯᠵᠦ᠂ ᠭᠦᠨ ᠭᠦᠨᠵᠡᠭᠡᠢ ᠰᠡᠷᠡᠮᠵᠢᠯᠡᠭᠦᠯᠬᠦ ᠬᠥᠮᠦᠵᠢᠯ ᠤᠨ ᠠᠴᠢ ᠬᠤᠯᠪᠣᠭᠳᠠᠯ ᠲᠠᠢ ᠶᠤᠮ᠃     ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠪᠠᠷ ᠳᠠᠮᠵᠢᠭᠤᠯᠤᠨ᠂ ᠪᠥᠬᠦ ᠺᠠᠳ᠋ᠷ ᠠᠵᠢᠯᠲᠠᠨ ᠳᠤ ᠨᠢᠭᠡ ᠤᠳᠠᠭᠠᠨ ᠤ ᠦᠵᠡᠯ ᠰᠠᠨᠠᠭ᠎ᠠ ᠪᠠ ᠣᠶᠤᠨ ᠰᠠᠨᠠᠭᠠᠨ ᠤ ᠤᠬᠢᠶᠠᠯ ᠬᠦᠷᠲᠡᠭᠡᠵᠦ᠂ ᠪᠢᠳᠡᠨ ᠳᠤ ︽ᠮᠢᠩᠭᠠᠨ ᠭᠠᠵᠠᠷ ᠤᠨ ᠬᠠᠰᠢᠯᠭ᠎ᠠ ᠰᠢᠷᠭᠤᠯᠵᠢ ᠶᠢᠨ ᠨᠦᠬᠡᠨ ᠳᠤ  ᠰᠡᠲᠡᠷᠡᠬᠦ︾᠂ ᠢᠯᠵᠠᠷᠠᠯ ᠢ ᠡᠰᠡᠷᠭᠦᠴᠡᠬᠦ ᠲᠡᠮᠡᠴᠡᠯ ᠬᠡᠵᠢᠶᠡᠳᠡ ᠳᠠᠭᠤᠰᠤᠰᠢ ᠥᠬᠡᠶ ᠶᠠᠪᠤᠭᠳᠠᠨ᠎ᠠ ᠭᠡᠳᠡᠭ ᠢ ᠭᠦᠨᠵᠡᠭᠡᠶ ᠰᠡᠷᠡᠮᠵᠢᠯᠡᠭᠦᠯᠵᠡᠶ᠃ ᠥᠷᠭᠡᠨ ᠣᠯᠠᠨ ᠺᠠᠳ᠋ᠷ ᠠᠵᠢᠯᠲᠠᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠦᠨᠡᠨ ᠬᠡᠷᠡᠭ ᠢᠶᠠᠷ ᠲᠣᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠬᠠᠩᠭᠢᠨᠠᠭᠤᠯᠵᠤ᠂ ᠭᠠᠷ ᠲᠠᠬᠢ ᠡᠷᠬᠡ ᠪᠠᠨ ᠵᠥᠪ ᠬᠡᠷᠡᠭᠯᠡᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠠᠭ ᠢᠮᠠᠭᠲᠠ ᠲᠡᠷᠢᠭᠦᠨ ᠳᠤ ᠲᠠᠯᠪᠢᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠱᠣᠭᠤᠵᠣ᠂ ᠢᠮᠠᠭᠲᠠ ᠪᠡᠶ᠎ᠡ ᠪᠠᠨ ᠴᠡᠪᠡᠷᠰᠢᠭᠦᠯᠬᠦ᠂ ᠴᠢᠩᠭ᠎ᠠ ᠨᠢᠮᠪᠠᠶ ᠵᠢᠷᠤᠮᠵᠢᠭᠤᠨ ᠠᠮᠢᠳᠤᠷᠠᠯ ᠤᠨ ᠠᠵᠢᠯ ᠤᠨ ᠰᠤᠷᠲᠠᠯ ᠢ ᠪᠤᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ ᠶᠢ ᠬᠠᠮᠲᠤ ᠪᠠᠷ ᠪᠤᠢ ᠪᠣᠯᠭᠠᠨ᠎ᠠ ᠭᠡᠵᠡᠢ᠃           
 
ᠢᠷᠡᠯᠲᠡ᠄ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号