ᠶᠠᠩ ᠶᠦᠩ ᠵᠢᠦ  ᠬᠠᠶᠢᠷ᠎ᠡ ᠬᠠᠯᠠᠮᠵᠢ ᠶᠢᠨ ᠢᠨᠵᠧᠨᠧᠷᠢᠩ ᠤᠨ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/7
     ᠣᠶᠢᠷ᠎ᠠ ᠳᠤ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠨᠠᠷ ᠮᠢᠩ ᠱᠦᠶ ᠾᠧ ᠪᠠᠯᠭᠠᠰᠤ᠂ ᠡᠤ ᠴᠠ ᠭᠸᠦ ᠪᠠᠯᠭᠠᠰᠤ ᠪᠣᠯᠣᠨ ᠪᠠᠶ ᠯᠠᠩ ᠪᠠᠯᠭᠠᠰᠤᠨ ᠤ ᠢᠯᠴᠢ ᠬᠠᠩᠭᠠᠬᠤ ᠲᠥᠪ ᠢᠶᠠᠷ ᠭᠦᠨᠵᠡᠭᠡᠶᠢᠷᠡᠨ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨ᠂ ᠢᠯᠴᠢ ᠬᠠᠩᠭᠠᠬᠤ ᠬᠡᠷᠡᠭᠴᠡᠭᠡ ᠵᠡᠷᠭᠡ ᠪᠠᠶᠢᠳᠠᠯ ᠢ ᠣᠶᠢᠯᠠᠭᠠᠵᠤ᠂ ᠬᠠᠶᠢᠷ᠎ᠡ ᠬᠠᠯᠠᠮᠵᠢ ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠶᠠᠩ ᠶᠦᠩ ᠵᠢᠦ᠂ ᠬᠠᠶᠢᠷ᠎ᠡ ᠬᠠᠯᠠᠮᠵᠢ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠮᠥᠨ᠂ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠡᠪᠦᠯ ᠤᠨ ᠡᠪᠡᠳᠴᠢᠨ ᠢ ᠡᠪᠦᠯ ᠪᠠᠶᠢᠴᠠᠭᠠᠯᠲᠠ ᠬᠢᠬᠦ︾ ᠶᠢ ᠰᠠᠶᠢᠲᠤᠷ ᠦᠷᠨᠢᠬᠦᠯᠵᠤ᠂ ᠢᠯᠴᠢ ᠬᠠᠩᠭᠠᠬᠤ ᠬᠦᠷᠢᠶᠡᠨ ᠳᠠᠬᠢ ︽ᠢᠷᠡᠯᠲᠡ᠂ ᠰᠦᠯᠵᠢᠶ᠎ᠡ᠂ ᠥᠷᠲᠡᠭᠡ᠂ ᠡᠷᠦᠬᠡ︾ ᠶᠢᠨ ᠪᠥᠬᠦ ᠬᠡᠯᠬᠢᠶ᠎ᠡ ᠶᠢᠨ ᠣᠳᠣᠬᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠤᠨ ᠰᠢᠯᠲᠠᠭᠠᠨ ᠢ ᠨᠠᠷᠢᠨ ᠬᠢᠨᠠᠮᠠᠭᠠᠶ ᠵᠠᠳᠠᠯᠵᠤ᠂ ᠬᠠᠶᠢᠷ᠎ᠡ ᠬᠠᠯᠠᠮᠵᠢ ᠶᠢᠨ ᠢᠨᠵᠧᠨᠧᠷᠢᠩ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠶ᠃ ︽ᠡᠪᠦᠯ ᠤᠨ ᠡᠪᠡᠳᠴᠢᠨ ᠢ ᠵᠤᠨ ᠤ ᠤᠯᠠᠷᠢᠯ ᠳᠤ ᠵᠠᠰᠠᠬᠤ︾ ᠶᠢ ᠪᠠᠷᠢᠮᠲᠠᠯᠠᠵᠤ᠂ ᠪᠦᠲᠦᠮᠵᠢᠲᠡᠢ ᠪᠠᠷᠢᠯᠭ᠎ᠠ ᠪᠠᠷᠢᠬᠤ ᠬᠤᠭᠤᠴᠠᠭ᠎ᠠ ᠶᠢ ᠠᠮᠵᠢᠵᠤ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ︽ᠣᠰᠣ ᠳᠤᠰᠤᠯᠠᠬᠤ᠂ ᠣᠰᠣ ᠭᠤᠭᠤᠵᠢᠬᠤ︾ ᠵᠡᠷᠭᠡ ᠲᠣᠯᠠᠭᠠᠯᠠᠯᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠠᠶᠢᠷ᠎ᠡ ᠬᠠᠯᠠᠮᠵᠢ ᠶᠢᠨ ᠢᠨᠵᠧᠨᠧᠷᠢᠩ ᠢ ᠦᠨᠡᠨ ᠬᠦ ᠠᠷᠠᠳ ᠲᠦᠮᠡᠨ ᠳᠤ ᠲᠠᠭᠠᠰᠢᠶᠠᠭᠳᠠᠬᠤ᠂ ᠨᠡᠶᠢᠭᠡᠮ ᠳᠤ ᠮᠡᠳᠡᠷᠡᠭᠳᠡᠭᠰᠡᠨ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠡᠷᠬᠢᠯᠡᠬᠦ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠪᠦᠬᠦ ᠶᠠᠪᠤᠴᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠤᠯᠠᠨ ᠲᠦᠮᠡᠨ ᠤ ᠰᠢᠨ᠎ᠡ  ᠤᠯᠠᠷᠢᠯ ᠳᠤ ᠬᠠᠶᠢᠷ᠎ᠡ ᠬᠠᠯᠠᠮᠵᠢ ᠶᠢᠨ ᠢᠨᠵᠧᠨᠧᠷᠢᠩ ᠤᠨ ᠠᠪᠴᠢᠷᠠᠭᠰᠠᠨ ᠪᠣᠳᠠᠲᠠᠢ ᠬᠤᠪᠢᠷᠠᠯᠲᠠ ᠶᠢ ᠮᠡᠳᠡᠷᠡᠬᠦ ᠶᠢ ᠪᠠᠲᠤᠯᠠᠬᠤ ᠬᠡᠷᠡᠭᠲᠡᠢ ᠭᠡᠵᠣ  ᠴᠢᠬᠤᠯᠠᠴᠢᠯᠠᠭᠰᠠᠨ ᠪᠠᠶᠢᠨ᠎ᠠ᠃     ᠬᠤᠳᠠ ᠶᠢᠨ ᠤᠳᠤᠷᠢᠳᠤᠯᠭ᠎ᠠ ᠸᠠᠩ ᠲᠢᠶᠠᠨ ᠹᠧᠩ᠂ ᠰᠦᠨ ᠪᠠᠢ ᠴᠤᠸᠠᠨ᠂ ᠬᠠᠨ ᠴᠠᠩ ᠵᠢᠣ᠂ ᠤᠣ ᠹᠧᠩ ᠪᠢᠨ᠂ ᠸᠠᠩ ᠬᠠᠢ ᠵᠢᠶᠦ᠋ᠨ  ᠬᠤᠷᠡᠯ ᠳᠤ ᠣᠷᠣᠯᠴᠠᠵᠠᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号