ᠶᠠᠩ ᠶᠦᠩ ᠵᠢᠦ ᠲᠤᠰᠬᠠᠶ ᠰᠡᠳᠦᠪᠲᠦ  ᠱᠦᠵᠢ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/7
    ᠣᠶᠢᠷ᠎ᠠ ᠳᠤ᠂ ᠷᠡᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠠᠩ ᠶᠦᠩ ᠵᠢᠦ ᠲᠤᠰᠬᠠᠶ ᠰᠡᠳᠦᠪᠲᠦ ᠱᠦᠵᠢ ᠨᠡᠷ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠪᠠᠨ ᠵᠢᠷᠭᠤᠳᠤᠭᠠᠷ ᠬᠤᠭᠤᠴᠠᠭᠠᠨ ᠤ ᠷᠠᠰᠢᠶᠠᠨ ᠤ ᠬᠤᠷᠴᠠ ᠤᠯᠠᠭᠠᠨ ᠴᠡᠴᠡᠭ ᠤᠨ ᠵᠢᠭᠤᠯᠴᠢᠯᠠᠯ ᠤᠨ ᠤᠯᠠᠷᠢᠯ ᠵᠢᠴᠢ ︽ᠬᠤᠤ ᠰᠧᠨ GO︾ ᠶᠢᠨ ᠶᠠᠪᠠᠭᠠᠨ ᠶᠠᠪᠤᠬᠤ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠲᠤᠰ ᠤᠳᠠᠭ᠎ᠠ ᠶᠢᠨ ᠠᠵᠢᠯᠯᠠᠭ᠎ᠠ ᠪᠣᠯ ᠷᠠᠰᠢᠶᠠᠨ ᠤ ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠳᠤ ᠤᠷᠤᠭᠰᠠᠨ ᠢ ᠬᠠᠷᠠᠭᠤᠯᠵᠤ᠂ ᠵᠢᠭᠤᠯᠴᠢᠯᠠᠯ ᠤᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠭᠦᠯᠬᠦ ᠡᠬᠢᠯᠡᠯᠲᠡ ᠶᠢᠨ ᠠᠵᠢᠯᠯᠠᠭ᠎ᠠ ᠪᠣᠯᠤᠨ᠎ᠠ᠃ ᠪᠦᠬᠦ ᠬᠤᠳᠠ ᠪᠠᠷ ᠢᠶᠠᠨ ᠴᠢᠬᠤᠯᠠᠴᠢᠯᠠᠬᠤ ᠬᠡᠮᠵᠢᠶ᠎ᠠ ᠪᠠᠨ ᠳᠡᠭᠡᠭᠰᠢᠯᠡᠭᠦᠯᠵᠦ᠂ ︽ᠨᠢᠭᠡ ᠬᠥᠯᠭᠡ ᠰᠢᠳᠠᠷ᠎ᠠ︾ ᠶᠢᠨ ᠤᠬᠠᠮᠰᠠᠷ ᠢ ᠪᠠᠲᠤ ᠴᠣᠬᠴᠠᠯᠠᠵᠤ᠂ ᠥᠨᠳᠥᠷ ᠪᠠᠷᠢᠮᠵᠢᠶ᠎ᠠ᠂ ᠨᠠᠷᠢᠯᠢᠬᠵᠢᠭᠤᠯᠬᠤ ᠵᠠᠷᠴᠢᠮ ᠶᠣᠰᠣᠭᠠᠷ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠣᠨ᠂ ᠠᠵᠢᠯᠯᠠᠭ᠎ᠠ ᠶᠢᠨ ᠠᠭᠤᠯᠭ᠎ᠠ ᠶᠢ ᠴᠢᠨᠠᠭᠰᠢᠳᠠ ᠰᠢᠯᠢᠳᠡᠭᠵᠢᠭᠦᠯᠵᠦ ᠂ ᠪᠡᠯᠡ ᠮᠥᠩᠭᠦᠨ ᠤ ᠲᠥᠰᠦᠪ ᠢ ᠰᠠᠶᠢᠲᠤᠷ ᠬᠢᠵᠦ᠂ ᠥᠨᠳᠥᠷ ᠲᠦᠪᠰᠢᠨ ᠲᠠᠢ ᠡᠷᠬᠢᠯᠡᠬᠦ᠂ ᠥᠪᠡᠷᠮᠢᠴᠡ ᠣᠨᠴᠠᠯᠢᠭ ᠲᠠᠢ ᠡᠷᠬᠢᠯᠡᠬᠦ᠂ ᠦᠷ᠎ᠡ ᠪᠦᠲᠦᠮᠵᠢ ᠲᠠᠢ ᠡᠷᠬᠢᠯᠡᠬᠦ ᠶᠢ ᠪᠠᠲᠤᠯᠠᠬᠤ ᠬᠡᠷᠡᠭᠲᠡᠢ᠃ ᠬᠠᠷᠠᠯᠲᠠ ᠡᠭᠦᠷᠭᠡ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠦᠨᠳᠦᠲᠦ ᠵᠣᠴᠢᠨ ᠢ ᠤᠷᠢᠬᠤ᠂ ᠠᠷᠤ ᠲᠠᠯ᠎ᠠ ᠶᠢᠨ ᠪᠠᠲᠤᠯᠠᠭ᠎ᠠ᠂ ᠲᠤᠬᠠᠢ ᠶᠢᠨ ᠲᠠᠯᠠᠪᠤᠷ ᠤᠨ ᠪᠠᠶᠢᠷᠢᠯᠠᠭᠤᠯᠤᠯᠲᠠ᠂ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠪᠡᠯᠡᠳᠬᠡᠯ ᠠᠵᠢᠯ ᠢ ᠲᠦᠷᠭᠡᠨ ᠠᠬᠢᠭᠤᠯᠵᠤ᠂ ᠲᠤᠰ ᠤᠳᠠᠭ᠎ᠠ ᠶᠢᠨ ᠠᠵᠢᠯᠯᠠᠭ᠎ᠠ ᠳᠤ ︽ᠷᠠᠰᠢᠶᠠᠨ ᠤ ᠣᠨᠴᠠᠯᠢᠭ ︾ ᠢ ᠢᠯᠡᠷᠡᠭᠦᠯᠤᠨ᠂ ︽ᠷᠠᠰᠢᠶᠠᠨ ᠤ ᠲᠦᠷᠢ ᠲᠥᠷᠬᠦ︾ ᠶᠢ ᠢᠯᠡᠷᠡᠭᠦᠯᠬᠦ ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠣᠨ᠂ ᠵᠠᠮ ᠬᠠᠷᠢᠯᠴᠠᠭ᠎ᠠ᠂ ᠲᠣᠨᠤᠭ ᠲᠥᠬᠦᠭᠡᠷᠦᠮᠵᠢ᠂ ᠦᠵᠡᠮᠵᠢ ᠶᠢᠨ ᠣᠷᠣᠨ ᠤ ᠭᠠᠯ ᠢ ᠰᠠᠷᠭᠡᠶᠢᠯᠡᠨ ᠤᠨᠲᠠᠷᠠᠭᠠᠬᠤ᠂ ᠢᠳᠡᠭᠡᠨ ᠤ ᠠᠮᠤᠷ ᠲᠦᠪᠰᠢᠨ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ᠂ ᠪᠣᠰᠤᠭ᠎ᠠ ᠴᠣᠭᠴᠠᠲᠤ ᠬᠡᠯᠪᠡᠷᠢ ᠪᠠᠷ ᠥᠷᠨᠢᠭᠦᠯᠵᠦ᠂ ᠡᠯ᠎ᠡ ᠲᠦᠷᠦᠯ ᠤᠨ ᠵᠠᠭᠤᠴᠢᠯᠠᠭᠤᠷ ᠤᠨ ︽ᠤᠷᠤᠰᠬᠠᠯ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠠ᠃     ᠬᠤᠳᠠ ᠶᠢᠨ ᠤᠳᠤᠷᠢᠳᠤᠯᠭ᠎ᠠ ᠸᠠᠩ ᠲᠢᠶᠠᠨ ᠹᠧᠩ᠂ ᠰᠦᠨ ᠪᠠᠢ ᠴᠤᠸᠠᠨ᠂ ᠬᠠᠨ ᠴᠠᠩ ᠵᠢᠤ᠂ ᠪᠠᠢ ᠹᠧᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠤᠲᠠ ᠶᠢᠨ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号