ᠠᠷᠪᠠᠨ ᠵᠢᠷᠭᠤᠳᠤᠭᠠᠷ ᠬᠤᠭᠤᠴᠠᠭᠠᠨ ᠤ ᠷᠠᠰᠢᠶᠠᠨ ᠤ ᠬᠤᠷᠴᠠ ᠤᠯᠠᠭᠠᠨ ᠴᠡᠴᠡᠭ ᠤᠨ ᠵᠢᠭᠤᠯᠴᠢᠯᠠᠯ ᠤᠨ | ᠤᠯᠠᠷᠢᠯ ᠬᠦᠷᠴᠦ ᠢᠷᠡᠬᠦ ᠶᠢ ᠤᠭᠲᠤᠬᠤ ᠶᠢᠨ ᠲᠥᠯᠥᠭᠡ᠂ ᠷᠡᠰᠢᠶᠠᠨ ᠬᠤᠳᠡ ᠶᠢᠨ ᠲᠢᠶᠠᠨ ᠤᠤᠢ ᠪᠠᠯᠭᠠᠰᠤ ᠶᠢᠨ ᠬᠢᠨ | ᠵᠤᠭᠠᠴᠠᠭᠰᠠᠳ ᠲᠤ ᠴᠡᠴᠡᠭ ᠰᠣᠨᠢᠷᠬᠠᠬᠤ ᠰᠠᠶᠢᠨ ᠰᠠᠶᠢᠬᠠᠨ ᠵᠤᠭᠠᠴᠠᠯ ᠢ ᠬᠦᠷᠲᠡᠭᠡᠬᠦ ᠪᠠᠷ ᠭᠤᠣᠯᠳᠠᠯᠭ᠎ᠠ ᠪᠣᠯᠭᠠᠵᠤ᠂ | ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ | ᠥᠷᠨᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ | ᠰᠠᠭᠤᠭᠠᠯᠢ ᠠᠷᠠᠳ ᠪᠣᠯᠤᠨ ᠵᠤᠭᠠᠴᠠᠭᠰᠠᠳ ᠲᠤ ᠠᠷᠢᠭᠤᠨ ᠴᠡᠪᠡᠷ᠂ ᠵᠤᠭᠠᠴᠠᠬᠤ ᠳᠤ ᠲᠣᠬᠢᠷᠠᠮᠵᠢᠲᠠᠢ ᠵᠤᠭᠠᠴᠠᠯ ᠤᠨ | ᠣᠷᠴᠢᠨ ᠲᠣᠭᠤᠷᠢᠨ ᠢ ᠬᠠᠩᠭᠠᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ | ᠨᠡᠮᠡᠭᠳᠡᠭᠦᠯᠵᠣ ᠪᠠᠶᠢᠨ᠎ᠠ᠃ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠪᠠᠶᠢᠷᠢᠯᠠᠭᠤᠯᠤᠯᠲᠠ ᠪᠠᠨ | ᠲᠣᠳᠣᠷᠬᠠᠢ ᠪᠣᠯᠭᠠᠵᠠᠢ᠃ ᠲᠢᠶᠠᠨ ᠤᠤᠢ ᠪᠠᠯᠭᠠᠰᠤ ᠶᠢᠨ ᠬᠢᠨ ᠲᠤᠰᠬᠠᠢ ᠰᠡᠳᠦᠪᠲᠦ ᠠᠬᠢᠭᠤᠯᠬᠤ ᠬᠤᠷᠠᠯ | ᠬᠤᠷᠠᠯᠳᠤᠭᠤᠯᠣᠨ ᠪᠠᠶᠢᠷᠢᠯᠠᠭᠤᠯᠤᠯᠲᠠ ᠬᠢᠵᠦ᠂ ᠪᠠᠭ ᠤᠨ ᠪᠦᠷᠢᠯᠳᠦᠬᠦᠨ ᠨᠡᠷ ᠪᠦᠯᠬᠦᠮ ᠳᠠᠭᠠᠭᠤᠯᠤᠨ ᠠᠵᠢᠯ ᠤᠨ | ᠲᠤᠰᠬᠠᠢ ᠠᠩᠬᠢ ᠶᠢ ᠪᠦᠷᠢᠯᠳᠦᠭᠦᠯᠵᠦ ᠪᠣᠳᠠᠲᠠᠢ ᠨᠠᠶᠢᠳᠠᠪᠤᠷᠢᠵᠢᠭᠤᠯᠬᠤ ᠶᠢ ᠬᠠᠷᠢᠭᠤᠴᠠᠪᠠ᠃ ᠡᠭᠦᠨ ᠤ ᠬᠠᠮᠲᠤ᠂ | ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠵᠢᠴᠢ ᠭᠤᠤᠯᠳᠠᠯᠭ᠎ᠠ ᠲᠠᠢ | ᠣᠷᠣᠨ ᠪᠦᠰᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠣᠰ ᠤᠳᠠᠭᠠᠨ ᠤ ᠬᠤᠷᠴᠠ ᠤᠯᠠᠭᠠᠨ ᠴᠡᠴᠡᠭ ᠤᠨ | ᠵᠢᠭᠤᠯᠴᠢᠯᠠᠯ ᠤᠨ ᠨᠠᠶᠢᠷ ᠲᠤ ᠬᠦᠷᠣᠯᠴᠠᠨ ᠢᠷᠡᠬᠦ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠳᠤ ᠦᠨᠡᠨ ᠬᠦ ᠪᠣᠳᠠᠲᠤ ᠦᠷ᠎ᠡ ᠪᠦᠲᠦᠮᠵᠢ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠡᠢ᠃ | ᠲᠥᠪᠯᠡᠷᠡᠭᠦᠯᠦᠨ ᠪᠣᠭᠤᠮᠳᠡ ᠰᠢᠪᠳᠣᠯᠬᠤ ᠶᠢ ᠴᠢᠩᠭᠠᠳᠬᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠰᠢᠨ᠎ᠡ ᠥᠷᠨᠢᠯᠲᠡ ᠶᠢ ᠪᠤᠢ ᠪᠣᠯᠭᠠᠵᠡᠢ᠃ ᠪᠦᠬᠦ᠋ᠢᠯᠡ ᠬᠤᠷᠴᠠ ᠤᠯᠠᠭᠠᠨ ᠴᠡᠴᠡᠭ ᠤᠨ ᠵᠢᠭᠤᠯᠴᠢᠯᠠᠯ ᠤᠨ | ᠤᠯᠠᠷᠢᠯ ᠤᠨ ᠬᠤᠭᠤᠴᠠᠭᠠᠨ ᠳᠤ ᠴᠡᠪᠡᠷ ᠲᠡᠭᠰᠢ ᠵᠢᠭᠤᠯᠴᠢᠯᠠᠯ ᠤᠨ ᠣᠷᠴᠢᠨ ᠲᠣᠭᠤᠷᠢᠨ ᠢ ᠪᠤᠶ ᠪᠣᠯᠭᠠᠬᠤ ᠶᠢ | ᠪᠠᠲᠤᠯᠠᠬᠤ ᠶᠢᠨ ᠲᠥᠯᠥᠭᠡ᠂ ᠷᠡᠰᠢᠶᠠᠨ ᠬᠤᠳᠡ ᠶᠢᠨ ᠲᠢᠶᠠᠨ ᠤᠤᠢ ᠪᠠᠯᠭᠠᠰᠤ ᠪᠦᠬᠦ ᠪᠠᠯᠭᠠᠰᠤᠨ ᠤ ᠺᠠᠳ᠋ᠷ ᠠᠵᠢᠯᠲᠠᠨ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ ᠢ ᠵᠣᠬᠢᠶᠠᠨ ᠪᠠᠶᠢᠭᠤᠯᠵᠤ᠂ ᠪᠦᠬᠦ ᠪᠠᠯᠭᠠᠰᠤᠨ ᠤ | ᠭᠤᠣᠯᠳᠠᠯᠭ᠎ᠠ ᠲᠠᠢ ᠵᠠᠮ ᠤᠨ ᠬᠡᠰᠡᠭ᠂ ᠭᠤᠣᠯᠳᠠᠯᠭ᠎ᠠ ᠲᠠᠢ ᠣᠷᠣᠨ ᠪᠦᠰᠡ ᠳᠤ ᠪᠦᠬᠦᠨ ᠢ ᠪᠦᠷᠬᠦᠬᠦᠯᠬᠦ ᠶᠢ | ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠳᠠᠭᠠᠭᠠᠴᠢᠯᠠᠭᠤᠯᠤᠨ ᠬᠤᠯᠪᠣᠭᠠᠯᠠᠭᠤᠯᠵᠤ᠂ ᠡᠯ᠎ᠡ ᠠᠵᠢᠯ ᠤᠨ ᠬᠡᠰᠡᠭ | ᠲᠣᠭᠤᠷᠢᠭ ᠤᠨ ᠪᠦᠯᠬᠦᠮ ᠳᠠᠭᠠᠭᠤᠯᠤᠨ ᠤᠳᠤᠷᠢᠳᠬᠤ ᠪᠠ ᠺᠠᠳ᠋ᠷ ᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ | ᠡᠭᠦᠷᠭᠡ ᠶᠢ ᠲᠣᠳᠣᠷᠬᠠᠶᠢᠯᠠᠵᠤ᠂ ᠡᠯ᠎ᠡ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ︽ ᠴᠡᠭ᠂ ᠬᠡᠰᠡᠭ᠂ | ᠨᠢᠭᠤᠷ︾ ᠢ ᠪᠥᠬᠦ ᠴᠠᠷᠠᠭ᠎ᠠ ᠪᠠᠷ ᠳᠡᠯᠭᠡᠵᠦ᠂ ᠬᠢᠩᠭᠠᠨ᠂ ᠲᠢᠶᠠᠨ ᠤᠤᠢ᠂ ᠶᠢᠨ ᠵᠢᠶᠠᠩ ᠭᠸᠦ ᠵᠢᠴᠢ ᠦᠵᠡᠮᠵᠢ ᠶᠢᠨ | ᠣᠷᠣᠨ ᠤ ᠵᠠᠮ ᠳᠠᠭᠠᠤ ᠶᠢᠨ ᠡᠷᠬᠢᠨ ᠲᠣᠭᠤᠷᠢᠨ ᠤ ᠠᠮᠢᠳᠤᠷᠠᠯ ᠤᠨ ᠬᠤᠭ ᠨᠣᠪᠰᠢ᠂ ᠴᠠᠭᠠᠨ ᠥᠩᠭᠡᠳᠣᠪ ᠬᠤᠭ | ᠨᠣᠪᠰᠢ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠬᠤᠭ ᠨᠣᠪᠰᠢ ᠲᠠᠯᠪᠢᠬᠤ᠂ ᠡᠪᠳᠡᠷᠡᠵᠦ ᠰᠣᠶᠢᠳᠦᠭᠰᠡᠨ | ᠬᠠᠰᠢᠯᠲᠠ ᠵᠡᠷᠭᠡ ᠳᠤ ᠴᠢᠭᠯᠡᠭᠦᠯᠦᠨ ᠲᠥᠪᠯᠡᠷᠡᠭᠦᠯᠦᠨ ᠲᠦᠢᠯᠪᠤᠷᠢᠲᠠᠶ ᠴᠡᠪᠡᠷᠯᠡᠵᠦ᠂ ᠪᠥᠬᠦ ᠴᠠᠷᠠᠭ᠎ᠠ ᠶᠢᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠵᠡᠢ᠃ | ᠳᠠᠷᠠᠭᠠᠴᠢ ᠶᠢᠨ ᠠᠯᠬᠤᠮ ᠳᠤ᠂ ᠲᠢᠶᠠᠨ ᠤᠤᠢ ᠪᠠᠯᠭᠠᠰᠤ ᠶᠢᠨ ᠬᠢᠨ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠬᠦᠴᠦᠯᠡᠨ ᠠᠬᠢᠭᠤᠯᠵᠤ᠂ ᠨᠡᠩ ᠲᠠᠭᠠᠯᠠᠮᠵᠢᠲᠠᠢ ᠵᠢᠭᠤᠯᠴᠢᠯᠠᠯ ᠤᠨ | ᠣᠷᠴᠢᠨ ᠲᠣᠭᠤᠷᠢᠨ ᠢ ᠦᠨᠡᠨ ᠬᠦ ᠪᠤᠢ ᠪᠣᠯᠭᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ | ᠪᠦᠲᠦᠭᠡᠯ ᠢ ᠤᠷᠳᠤ ᠬᠤᠭᠤᠴᠠᠭ᠎ᠠ ᠪᠠᠷ ᠪᠠᠲᠤᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠵᠦ᠂ ᠲᠢᠶᠠᠨ ᠤᠤᠢ ᠪᠠᠯᠭᠠᠰᠤ ᠶᠢᠨ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠨ᠎ᠠ᠃ |