ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠨᠠᠮ ᠤᠨ ᠡᠭᠦᠷ ᠰᠢᠦᠳᠠᠨ ᠤ ᠬᠠᠳᠠᠭᠠᠯᠠᠮᠵᠢ ᠶᠢᠨ ᠪᠠᠩᠬᠢ ᠲᠠᠢ ᠬᠠᠮᠲᠤᠷᠠᠨ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/5/8
     ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 7 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠢᠷᠪᠢᠰ ᠰᠠᠯᠪᠤᠷᠢ ᠪᠠᠩᠬᠢ ᠲᠠᠢ ᠬᠠᠮᠲᠤᠷᠠᠨ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠣᠰ ᠠᠵᠢᠯᠯᠠᠭ᠎ᠠ ᠳᠤ 30 ᠭᠠᠷᠤᠶ ᠰᠠᠭᠤᠭᠠᠯᠢ ᠠᠷᠠᠳ ᠣᠷᠣᠯᠴᠠᠭᠰᠠᠨ ᠪᠠᠶᠢᠨ᠎ᠠ᠃      ᠠᠵᠢᠯᠯᠠᠭ᠎ᠠ ᠶᠢᠨ ᠳᠤᠮᠳᠠ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠠᠵᠢᠯᠲᠠᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠥᠭᠡᠳ ︽ᠨᠡᠶᠢᠭᠡᠮ ᠤᠨ ᠳᠠᠭᠠᠳᠬᠠᠯ ᠤᠨ ᠺᠠᠷᠲ ᠢ ᠰᠣᠯᠢᠵᠤ ᠮᠡᠬᠡᠯᠡᠬᠦ︾ ︽ᠲᠠᠩᠰᠠ ᠪᠠᠷ ᠠᠰᠢᠭ ᠣᠯᠵᠠᠪᠣᠷᠢ ᠪᠤᠴᠠᠭᠠᠬᠤ ᠭᠡᠬᠦ ᠮᠡᠬᠡᠯᠡᠬᠦ︾ ︽ᠵᠠᠭᠤᠨ ᠲᠦᠮᠨ ᠪᠠᠷ ᠪᠠᠲᠤᠯᠠᠬᠤ︾ ᠵᠡᠷᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠵᠢᠭᠰᠠᠭᠠᠨ ᠲᠠᠶᠢᠯᠪᠣᠷᠢᠯᠠᠬᠤ ᠪᠠᠷ ᠳᠠᠮᠵᠢᠭᠤᠯᠤᠨ᠂ ᠭᠠᠷ ᠤᠲᠠᠰᠤᠨ ᠳᠠᠬᠢ ᠲᠣᠳᠣᠷᠬᠠᠶ ᠪᠤᠰᠤ ︽ᠴᠥᠷᠬᠡᠯᠡᠭᠡ︾ ᠨᠢ ᠰᠠᠭᠤᠭᠠᠯᠢ ᠠᠷᠠᠳ ᠢ ᠬᠡᠷᠬᠢᠨ ᠲᠠᠲᠠᠵᠤ ᠠᠪᠴᠢᠷᠠᠬᠤ ᠶᠢ ᠲᠤᠬᠠᠶ ᠶᠢᠨ ᠲᠠᠯᠠᠪᠤᠷ ᠲᠤ ᠲᠣᠳᠣᠷᠬᠠᠶ ᠲᠠᠶᠢᠯᠪᠤᠷᠢᠯᠠᠵᠤ ᠦᠭᠴᠠᠢ᠃ ᠡᠭᠦᠨ ᠤ ᠵᠡᠷᠭᠡ ᠳᠤ᠂ ᠣᠳᠣᠬᠠᠨ ᠤ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠪᠣᠳᠡᠰ ᠤᠨ ᠵᠣᠭᠤᠰ ᠢ ᠪᠤᠴᠠᠭᠠᠬᠤ᠂ ᠲᠤᠰᠢᠶᠠᠯ ᠬᠠᠪᠰᠤᠷᠭᠠᠵᠤ ᠲᠠᠩᠰᠠ ᠪᠤᠳᠤᠬᠤ᠂ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠮᠡᠬᠡᠯᠡᠯ ᠬᠢᠬᠦ ᠵᠡᠷᠭᠡ ᠰᠢᠨ᠎ᠡ ᠬᠡᠯᠪᠡᠷᠢ ᠶᠢᠨ ᠮᠡᠬᠡᠯᠡᠯ ᠤᠨ ᠠᠷᠭ᠎ᠠ ᠮᠠᠶ᠋ᠢᠭ ᠲᠤ ᠴᠢᠭᠯᠡᠭᠦᠯᠦᠨ᠂ ᠲᠡᠭᠦᠨ ᠤ ᠠᠷᠤ ᠳᠠᠬᠢ ᠶᠠᠪᠤᠴᠠ ᠪᠠ ᠮᠡᠬᠡᠯᠡᠯ ᠤᠨ ᠠᠷᠭ᠎ᠠ ᠶᠢ ᠲᠠᠨᠢᠯᠴᠠᠭᠤᠯᠵᠤ᠂ ᠲᠤᠬᠠᠶ ᠶᠢᠨ ᠲᠠᠯᠠᠪᠤᠷ ᠤᠨ ᠰᠠᠭᠤᠭᠠᠯᠢ ᠠᠷᠠᠳ ᠲᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠴᠠᠭ ᠢᠮᠠᠭᠲᠠ ᠰᠡᠷᠡᠮᠵᠢ ᠲᠠᠢ ᠪᠠᠶᠢᠵᠣ᠂ ᠲᠠᠨᠢᠬᠤ ᠥᠬᠡᠶ ᠬᠥᠮᠦᠨ ᠳᠤ ᠬᠤᠪᠢ ᠬᠥᠮᠦᠨ ᠤ ᠪᠡᠶ᠎ᠡ ᠬᠡᠮ ᠤᠨ ᠮᠡᠳᠡᠭᠡ ᠵᠠᠩᠭᠢ᠂ ᠪᠠᠩᠬᠢ ᠶᠢᠨ ᠺᠠᠷᠲ ᠤᠨ ᠨᠣᠮᠧᠷ᠂ ᠰᠢᠯᠭᠠᠨ ᠪᠠᠲᠤᠯᠠᠬᠤ ᠨᠣᠮᠧᠷ ᠵᠡᠷᠭᠡ ᠮᠡᠳᠡᠭᠡ ᠵᠠᠩᠭᠢ ᠶᠢ ᠬᠠᠩᠭᠠᠵᠤ ᠪᠣᠯᠬᠤ ᠥᠬᠡᠶ ᠭᠡᠵᠦ ᠣᠨᠴᠠᠭᠠᠶᠢᠯᠠᠨ ᠰᠠᠨᠠᠭᠤᠯᠵᠡᠢ᠃      ᠳᠠᠷᠠᠭᠠᠴᠢ ᠶᠢᠨ ᠠᠯᠬᠤᠮ ᠳᠤ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠲᠠᠯ᠎ᠠ ᠪᠠᠷ ᠤᠯᠠᠮ ᠴᠢᠨᠠᠭᠰᠢᠳᠠ ᠰᠢᠨ᠎ᠡ ᠶᠢ ᠡᠭᠦᠳᠴᠦ᠂ ᠲᠤᠰᠬᠠᠢ ᠮᠡᠷᠭᠡᠵᠢᠯᠲᠡᠨ ᠢ ᠤᠷᠢᠵᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠤᠬᠠᠭᠤᠯᠭ᠎ᠠ ᠶᠢᠨ ᠰᠡᠷᠭᠡᠶᠢᠯᠡᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠵᠦ᠂ ᠤᠯᠠᠨ ᠲᠦᠮᠡᠨ ᠤ ︽ᠵᠣᠭᠤᠰᠣᠨ ᠪᠣᠭᠴᠣ︾ ᠶᠢ ᠦᠨᠡᠨ ᠬᠦ ᠰᠠᠬᠢᠨ ᠬᠠᠮᠠᠭᠠᠯᠠᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号