ᠲᠢᠶᠠᠨ ‍ᠤᠤᠢ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠭᠡ ᠪᠠᠷ ᠴᠡᠭᠴᠡᠯᠡᠨ ᠵᠠᠰᠠᠬᠰᠠᠨ ᠲᠣᠬᠠᠢ ᠲᠠᠮᠳᠡᠭᠯᠡᠯ
ᠨᠡᠶᠢᠲᠡᠯᠡᠭᠰᠡᠨ ᠴᠠᠭ᠄
2024/5/8
     ᠠᠷᠪᠠᠨ ᠵᠢᠷᠭᠤᠳᠤᠭᠠᠷ ᠬᠤᠭᠤᠴᠠᠭᠠᠨ ᠤ ᠷᠠᠰᠢᠶᠠᠨ ᠤ ᠬᠤᠷᠴᠠ ᠤᠯᠠᠭᠠᠨ ᠴᠡᠴᠡᠭ ᠤᠨ ᠵᠢᠭᠤᠯᠴᠢᠯᠠᠯ ᠤᠨ ᠤᠯᠠᠷᠢᠯ ᠬᠦᠷᠴᠦ ᠢᠷᠡᠬᠦ ᠶᠢ ᠤᠭᠲᠤᠬᠤ ᠶᠢᠨ ᠲᠥᠯᠥᠭᠡ᠂ ᠷᠡᠰᠢᠶᠠᠨ ᠬᠤᠳᠡ ᠶᠢᠨ ᠲᠢᠶᠠᠨ ‍ᠤᠤᠢ ᠪᠠᠯᠭᠠᠰᠤ ᠶᠢᠨ ᠬᠢᠨ ᠵᠤᠭᠠᠴᠠᠭᠰᠠᠳ ᠲᠤ ᠴᠡᠴᠡᠭ ᠰᠣᠨᠢᠷᠬᠠᠬᠤ ᠰᠠᠶᠢᠨ ᠰᠠᠶᠢᠬᠠᠨ ᠵᠤᠭᠠᠴᠠᠯ ᠢ ᠬᠦᠷᠲᠡᠭᠡᠬᠦ ᠪᠠᠷ ᠭᠤᠣᠯᠳᠠᠯᠭ᠎ᠠ ᠪᠣᠯᠭᠠᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠠᠭᠤᠭᠠᠯᠢ ᠠᠷᠠᠳ ᠪᠣᠯᠤᠨ ᠵᠤᠭᠠᠴᠠᠭᠰᠠᠳ ᠲᠤ ᠠᠷᠢᠭᠤᠨ ᠴᠡᠪᠡᠷ᠂ ᠵᠤᠭᠠᠴᠠᠬᠤ ᠳᠤ ᠲᠣᠬᠢᠷᠠᠮᠵᠢᠲᠠᠢ ᠵᠤᠭᠠᠴᠠᠯ ᠤᠨ ᠣᠷᠴᠢᠨ ᠲᠣᠭᠤᠷᠢᠨ ᠢ ᠬᠠᠩᠭᠠᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠣ ᠪᠠᠶᠢᠨ᠎ᠠ᠃      ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠪᠠᠶᠢᠷᠢᠯᠠᠭᠤᠯᠤᠯᠲᠠ ᠪᠠᠨ ᠲᠣᠳᠣᠷᠬᠠᠢ ᠪᠣᠯᠭᠠᠵᠠᠢ᠃ ᠲᠢᠶᠠᠨ ‍ᠤᠤᠢ ᠪᠠᠯᠭᠠᠰᠤ ᠶᠢᠨ ᠬᠢᠨ ᠲᠤᠰᠬᠠᠢ ᠰᠡᠳᠦᠪᠲᠦ ᠠᠬᠢᠭᠤᠯᠬᠤ ᠬᠤᠷᠠᠯ ᠬᠤᠷᠠᠯᠳᠤᠭᠤᠯᠣᠨ ᠪᠠᠶᠢᠷᠢᠯᠠᠭᠤᠯᠤᠯᠲᠠ ᠬᠢᠵᠦ᠂ ᠪᠠᠭ ᠤᠨ ᠪᠦᠷᠢᠯᠳᠦᠬᠦᠨ ᠨᠡᠷ ᠪᠦᠯᠬᠦᠮ ᠳᠠᠭᠠᠭᠤᠯᠤᠨ ᠠᠵᠢᠯ ᠤᠨ ᠲᠤᠰᠬᠠᠢ ᠠᠩᠬᠢ ᠶᠢ ᠪᠦᠷᠢᠯᠳᠦᠭᠦᠯᠵᠦ ᠪᠣᠳᠠᠲᠠᠢ ᠨᠠᠶᠢᠳᠠᠪᠤᠷᠢᠵᠢᠭᠤᠯᠬᠤ ᠶᠢ ᠬᠠᠷᠢᠭᠤᠴᠠᠪᠠ᠃ ᠡᠭᠦᠨ ᠤ ᠬᠠᠮᠲᠤ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠵᠢᠴᠢ ᠭᠤᠤᠯᠳᠠᠯᠭ᠎ᠠ ᠲᠠᠢ ᠣᠷᠣᠨ ᠪᠦᠰᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠣᠰ ᠤᠳᠠᠭᠠᠨ ᠤ ᠬᠤᠷᠴᠠ ᠤᠯᠠᠭᠠᠨ ᠴᠡᠴᠡᠭ ᠤᠨ ᠵᠢᠭᠤᠯᠴᠢᠯᠠᠯ ᠤᠨ ᠨᠠᠶᠢᠷ ᠲᠤ ᠬᠦᠷᠣᠯᠴᠠᠨ ᠢᠷᠡᠬᠦ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠦᠨᠡᠨ ᠬᠦ ᠪᠣᠳᠠᠲᠤ ᠦᠷ᠎ᠡ ᠪᠦᠲᠦᠮᠵᠢ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠡᠢ᠃      ᠲᠥᠪᠯᠡᠷᠡᠭᠦᠯᠦᠨ ᠪᠣᠭᠤᠮᠳᠡ ᠰᠢᠪᠳᠣᠯᠬᠤ ᠶᠢ ᠴᠢᠩᠭᠠᠳᠬᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠥᠷᠨᠢᠯᠲᠡ ᠶᠢ ᠪᠤᠢ ᠪᠣᠯᠭᠠᠵᠡᠢ᠃ ᠪᠦᠬᠦ᠋ᠢᠯᠡ ᠬᠤᠷᠴᠠ ᠤᠯᠠᠭᠠᠨ ᠴᠡᠴᠡᠭ ᠤᠨ ᠵᠢᠭᠤᠯᠴᠢᠯᠠᠯ ᠤᠨ ᠤᠯᠠᠷᠢᠯ ᠤᠨ ᠬᠤᠭᠤᠴᠠᠭᠠᠨ ᠳᠤ ᠴᠡᠪᠡᠷ ᠲᠡᠭᠰᠢ ᠵᠢᠭᠤᠯᠴᠢᠯᠠᠯ ᠤᠨ ᠣᠷᠴᠢᠨ ᠲᠣᠭᠤᠷᠢᠨ ᠢ ᠪᠤᠶ ᠪᠣᠯᠭᠠᠬᠤ ᠶᠢ ᠪᠠᠲᠤᠯᠠᠬᠤ ᠶᠢᠨ ᠲᠥᠯᠥᠭᠡ᠂ ᠷᠡᠰᠢᠶᠠᠨ ᠬᠤᠳᠡ ᠶᠢᠨ ᠲᠢᠶᠠᠨ ‍ᠤᠤᠢ ᠪᠠᠯᠭᠠᠰᠤ ᠪᠦᠬᠦ ᠪᠠᠯᠭᠠᠰᠤᠨ ᠤ ᠺᠠᠳ᠋ᠷ ᠠᠵᠢᠯᠲᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ ᠢ ᠵᠣᠬᠢᠶᠠᠨ ᠪᠠᠶᠢᠭᠤᠯᠵᠤ᠂ ᠪᠦᠬᠦ ᠪᠠᠯᠭᠠᠰᠤᠨ ᠤ ᠭᠤᠣᠯᠳᠠᠯᠭ᠎ᠠ ᠲᠠᠢ ᠵᠠᠮ ᠤᠨ ᠬᠡᠰᠡᠭ᠂ ᠭᠤᠣᠯᠳᠠᠯᠭ᠎ᠠ ᠲᠠᠢ ᠣᠷᠣᠨ ᠪᠦᠰᠡ ᠳᠤ ᠪᠦᠬᠦᠨ ᠢ ᠪᠦᠷᠬᠦᠬᠦᠯᠬᠦ ᠶᠢ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠳᠠᠭᠠᠭᠠᠴᠢᠯᠠᠭᠤᠯᠤᠨ ᠬᠤᠯᠪᠣᠭᠠᠯᠠᠭᠤᠯᠵᠤ᠂ ᠡᠯ᠎ᠡ ᠠᠵᠢᠯ ᠤᠨ ᠬᠡᠰᠡᠭ ᠲᠣᠭᠤᠷᠢᠭ ᠤᠨ ᠪᠦᠯᠬᠦᠮ ᠳᠠᠭᠠᠭᠤᠯᠤᠨ ᠤᠳᠤᠷᠢᠳᠬᠤ ᠪᠠ ᠺᠠᠳ᠋ᠷ ᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠡᠯ᠎ᠡ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ︽ ᠴᠡᠭ᠂ ᠬᠡᠰᠡᠭ᠂ ᠨᠢᠭᠤᠷ︾ ᠢ ᠪᠥᠬᠦ ᠴᠠᠷᠠᠭ᠎ᠠ ᠪᠠᠷ ᠳᠡᠯᠭᠡᠵᠦ᠂ ᠬᠢᠩᠭᠠᠨ᠂ ᠲᠢᠶᠠᠨ ‍ᠤᠤᠢ᠂ ᠶᠢᠨ ᠵᠢᠶᠠᠩ ᠭᠸᠦ ᠵᠢᠴᠢ ᠦᠵᠡᠮᠵᠢ ᠶᠢᠨ ᠣᠷᠣᠨ ᠤ ᠵᠠᠮ ᠳᠠᠭᠠᠤ ᠶᠢᠨ ᠡᠷᠬᠢᠨ ᠲᠣᠭᠤᠷᠢᠨ ᠤ ᠠᠮᠢᠳᠤᠷᠠᠯ ᠤᠨ ᠬᠤᠭ ᠨᠣᠪᠰᠢ᠂ ᠴᠠᠭᠠᠨ ᠥᠩᠭᠡᠳᠣᠪ ᠬᠤᠭ ᠨᠣᠪᠰᠢ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠬᠤᠭ ᠨᠣᠪᠰᠢ ᠲᠠᠯᠪᠢᠬᠤ᠂ ᠡᠪᠳᠡᠷᠡᠵᠦ ᠰᠣᠶᠢᠳᠦᠭᠰᠡᠨ ᠬᠠᠰᠢᠯᠲᠠ ᠵᠡᠷᠭᠡ ᠳᠤ ᠴᠢᠭᠯᠡᠭᠦᠯᠦᠨ ᠲᠥᠪᠯᠡᠷᠡᠭᠦᠯᠦᠨ ᠲᠦᠢᠯᠪᠤᠷᠢᠲᠠᠶ ᠴᠡᠪᠡᠷᠯᠡᠵᠦ᠂ ᠪᠥᠬᠦ ᠴᠠᠷᠠᠭ᠎ᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠵᠡᠢ᠃      ᠳᠠᠷᠠᠭᠠᠴᠢ ᠶᠢᠨ ᠠᠯᠬᠤᠮ ᠳᠤ᠂ ᠲᠢᠶᠠᠨ ‍ᠤᠤᠢ ᠪᠠᠯᠭᠠᠰᠤ ᠶᠢᠨ ᠬᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠬᠦᠴᠦᠯᠡᠨ ᠠᠬᠢᠭᠤᠯᠵᠤ᠂ ᠨᠡᠩ ᠲᠠᠭᠠᠯᠠᠮᠵᠢᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠦᠨᠡᠨ ᠬᠦ ᠪᠤᠢ ᠪᠣᠯᠭᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠤᠷᠳᠤ ᠬᠤᠭᠤᠴᠠᠭ᠎ᠠ ᠪᠠᠷ ᠪᠠᠲᠤᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠵᠦ᠂ ᠲᠢᠶᠠᠨ ‍ᠤᠤᠢ ᠪᠠᠯᠭᠠᠰᠤ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠨ᠎ᠠ᠃
 
ᠢᠷᠡᠯᠲᠡ᠄ ᠲᠢᠶᠠᠨ ‍ᠤᠤᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号