ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠲᠤ ᠽᠦᠩᠽᠢ  ᠪᠣᠭᠤᠵᠣ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠤᠭᠲᠤᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/6/11
     ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮ ᠴᠢᠨᠠᠭᠰᠢᠳᠠ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣ ᠴᠣᠬᠴᠠᠯᠠᠵᠣ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠭᠦᠨ ᠵᠤᠵᠠᠭᠠᠨ  ᠲᠣᠷᠡᠰᠬᠠᠯ ᠤᠨ ᠡᠳᠦᠷ ᠤᠨ ᠰᠣᠶᠣᠯ ᠢ ᠦᠨᠡᠨ ᠬᠦ ᠮᠡᠳᠡᠷᠡᠭᠦᠯᠬᠦ ᠶᠢᠨ ᠲᠥᠯᠥᠭᠡ᠂ 6 ᠰᠠᠷ᠎ᠠ ᠶᠢᠨ 7 ᠤ ᠦᠳᠡ ᠶᠢᠨ ᠡᠮᠦᠨ᠎ᠡ᠂ ᠷᠡᠰᠢᠶᠠᠨ ᠬᠤᠳᠡ  ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ︽ᠪᠦᠯᠬᠦᠮᠳᠡᠯ ᠬᠤᠩᠬᠢᠯ︾ ᠳᠤ ︽ᠽᠦᠩᠽᠢ ᠪᠣᠭᠤᠵᠣ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠤᠭᠲᠤᠵᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠠᠶᠢᠯ ᠰᠠᠭᠠᠬᠠᠯᠲᠠ ᠶᠢᠨ ᠢᠶᠠᠨ ᠨᠢᠭᠡ ᠭᠡᠷ ᠤᠨ ᠬᠥᠮᠦᠰ ᠮᠠᠳᠣ ᠲᠣᠳᠣᠨᠣ︾ ᠭᠡᠬᠦ ᠠᠵᠢᠯᠯᠠᠭ᠎ᠠ ᠥᠷᠨᠢᠭᠦᠯᠵᠡᠢ᠃ ᠬᠠᠷᠢᠶ᠎ᠠ ᠣᠷᠣᠨ ᠤ ᠰᠠᠭᠤᠭᠠᠯᠢ ᠠᠷᠠᠳ᠂ ᠠᠬᠠᠮᠠᠳ ᠨᠠᠮ ᠤᠨ ᠭᠡᠰᠢᠭᠦᠨ᠂ ᠱᠠᠰᠢᠨ ᠰᠣᠷᠳᠡᠬᠤᠨ ᠤ ᠡᠳᠡᠭᠡᠳ ᠵᠢᠴᠢ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠤᠶᠠᠷ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ ᠤᠨ ᠭᠡᠰᠢᠭᠦᠨ 50 ᠭᠠᠷᠤᠶ ᠬᠥᠮᠦᠨ ᠲᠣᠰ ᠠᠵᠢᠯᠯᠠᠭ᠎ᠠ ᠳᠤ ᠣᠷᠣᠯᠴᠠᠵᠠᠶ᠃      ᠤᠷᠠᠨ ᠲᠠᠮ ᠲᠠᠢ ᠪᠠᠷ ᠽᠦᠩᠽᠢ ᠪᠣᠭᠤᠵᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠬᠠᠶᠢᠷ᠎ᠠ ᠰᠡᠳᠬᠢᠯᠭᠡ  ᠶᠢ ᠢᠯᠡᠷᠡᠬᠦᠯᠵᠡᠢ      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠡᠶᠢᠭᠡᠮ ᠲᠣᠭᠤᠷᠢᠭ ᠤᠨ ᠠᠵᠢᠯᠲᠠᠳ ᠤᠷᠢᠳᠴᠢᠯᠠᠨ ᠪᠡᠯᠡᠳᠬᠡᠭᠰᠡᠨ ᠰᠢᠯᠦᠬᠡᠶ ᠲᠤᠲᠤᠷᠭ᠎ᠠ᠂ ᠤᠯᠠᠭᠠᠨ ᠴᠢᠪᠠᠭ᠎ᠠ᠂ ᠽᠦᠩᠽᠢ ᠶᠢᠨ ᠨᠠᠪᠴᠢ ᠵᠡᠷᠭᠡ ᠢᠳᠡᠭᠡᠨ ᠤ ᠮᠠᠲ᠋ᠧᠷᠢᠶᠠᠯ ᠢᠶᠠᠨ ᠰᠢᠷᠡᠭᠡᠨ ᠳᠡᠭᠡᠷ᠎ᠡ ᠲᠡᠷᠢ ᠲᠡᠭᠰᠢ ᠲᠠᠯᠪᠢᠨ᠂ ᠬᠠᠷᠢᠶ᠎ᠠ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠬᠤᠶᠢᠨ᠎ᠠ ᠬᠤᠶᠢᠨ᠎ᠠ ᠠᠴᠠ ᠪᠠᠨ ᠡᠷᠳᠡᠮ ᠴᠢᠳᠠᠪᠤᠷᠢ ᠪᠠᠨ ᠪᠠᠳᠠᠷᠠᠭᠤᠯᠵᠤ᠂ ᠽᠦᠩᠽᠢ ᠶᠢᠨ ᠨᠠᠪᠴᠢ ᠶᠢ ᠰᠢᠪᠲᠤᠷᠤᠨ᠂ ᠳᠦᠷᠰᠦ ᠪᠦᠲᠦᠭᠡᠬᠦ᠂ ᠰᠢᠯᠦᠬᠡᠶ ᠲᠤᠲᠤᠷᠭ᠎ᠠ ᠰᠠᠪᠠᠯᠠᠬᠤ᠂ ᠤᠯᠠᠭᠠᠨ ᠴᠢᠪᠠᠭ᠎ᠠ ᠲᠠᠯᠪᠢᠬᠤ᠂ ᠣᠳᠡᠰᠣ ᠪᠠᠷ ᠪᠣᠭᠤᠬᠤ ᠵᠡᠷᠭᠡ ᠪᠦᠬᠦ ᠶᠠᠪᠤᠴᠠ ᠶᠢ ᠨᠢᠭᠡ ᠯᠡ ᠠᠮᠢᠰᠬᠤᠭ᠎ᠠ ᠪᠠᠷ ᠪᠦᠲᠦᠭᠡᠵᠡᠢ᠃ ᠳᠡᠮᠡᠶ ᠤᠳᠠᠭᠰᠠᠨ ᠦᠭᠡᠢ ᠨᠢᠭᠡᠨ ᠪᠢᠴᠢᠬᠠᠨ ᠽᠦᠩᠽᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠷᠠᠨ ᠭᠠᠷ ᠢᠶᠠᠷ ᠪᠦᠳᠣᠭᠡᠭᠳᠡᠵᠣ᠂ ᠲᠤᠬᠠᠶ ᠶᠢᠨ ᠲᠠᠯᠠᠪᠤᠷ ᠲᠤ ᠪᠠᠶᠠᠷ ᠪᠠᠶᠠᠰᠬᠤᠯᠠᠩ ᠢᠶᠠᠷ ᠪᠢᠯᠬᠠᠬᠰᠠᠨ ᠪᠠᠶᠢᠨ᠎ᠠ᠃      ᠦᠨᠦᠷᠲᠦ ᠣᠭᠤᠳᠡ ᠶᠢ ᠨᠠᠷᠢᠨ ᠨᠢᠮᠪᠠᠶ ᠣᠶᠣᠵᠤ ᠰᠤᠶᠢᠬ᠎ᠠ ᠡᠪᠡᠰᠦᠨ ᠤ ᠠᠩᠬᠢᠯᠤᠮ᠎ᠠ ᠦᠨᠦᠷ ᠢ  ᠬᠠᠩᠭᠤᠯᠣᠭᠤᠯᠵᠡᠢ      ᠲᠠᠨᠳᠡ ᠨᠢ ᠽᠦᠩᠽᠢ ᠨᠠᠪᠴᠢ ᠶᠢᠨ ᠠᠩᠬᠢᠯᠤᠮ᠎ᠠ ᠦᠨᠦᠷ ᠬᠠᠩᠬᠤᠯᠵᠤ᠂ ᠡ᠊ᠨᠳᠡ ᠨᠢ ᠣᠯᠡᠨ ᠢᠶᠠᠷ ᠢᠶᠠᠨ ᠣᠶᠢᠮᠡᠯᠳᠣᠨ ᠢᠨᠢᠶᠡᠯᠳᠦᠨ᠎ᠡ᠃ ᠪᠠᠰᠠ ᠨᠢᠭᠡ ᠪᠦᠯᠦᠭ ᠦᠨᠳᠦᠰᠦᠲᠡᠨ ᠨᠦᠭᠦᠳ ᠤᠨ ᠤᠯᠠᠨ ᠲᠦᠮᠡᠨ ᠶᠠᠭ ᠰᠠᠶᠢᠬᠠᠨ ᠦᠨᠦᠷᠲᠦ ᠣᠭᠤᠳᠡ ᠶᠢ ᠨᠠᠷᠢᠨ ᠨᠢᠮᠪᠠᠶ ᠣᠶᠣᠵᠤ᠂ ᠰᠦᠢᠬᠠᠨ ᠡᠪᠡᠰᠦ  ᠰᠠᠪᠠᠯᠠᠵᠤ᠂ ᠠᠮᠠᠰᠠᠷ ᠢ ᠨᠢ ᠪᠢᠲᠡᠭᠦᠯᠡᠵᠦ᠂ ᠰᠣᠪᠣᠳ ᠬᠡᠯᠬᠢᠵᠦ ᠪᠠᠶᠢᠯ᠎ᠠ ᠁ ᠤᠳᠠᠯ ᠦᠭᠡᠢ ᠨᠢᠭᠡ ᠪᠦᠯᠦᠭ ᠳᠦᠷᠰᠦ ᠪᠦᠲᠦᠭᠡᠯᠲᠡ ᠨᠢ ᠬᠥᠭᠡᠷᠦᠬᠦᠶ᠂ ᠪᠡᠶᠡᠲᠦ ᠳᠦᠭᠦᠷᠡᠩ ᠮᠥᠷᠲᠡᠭᠡᠨ ᠨᠠᠷᠢᠯᠢᠭ ᠰᠠᠶᠢᠬᠠᠨ ᠵᠢᠵᠢᠭ ᠦᠨᠦᠷᠲᠦ ᠣᠭᠤᠳᠡ ᠶᠢ ᠬᠢᠵᠦ ᠳᠠᠭᠤᠰᠬᠠᠴᠢᠬᠠᠯ᠎ᠠ᠃ ᠰᠦᠢᠬᠠᠨ ᠡᠪᠡᠰᠦᠨ ᠤ ᠠᠩᠬᠢᠯᠤᠮ᠎ᠠ ᠦᠨᠦᠷ ᠨᠢ ᠲᠣᠷᠡᠰᠬᠠᠯᠳᠣ ᠡᠳᠦᠷ ᠤᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠲᠠᠢ  ᠨᠠᠶᠢᠯᠡᠳᠭᠡᠳ᠂ ᠦᠨᠦᠷᠲᠦ ᠣᠭᠤᠳᠡ ᠪᠣᠯᠭᠠᠨ ᠳᠤ ᠳᠦᠭᠦᠷᠡᠩ ᠬᠠᠶᠢᠷ᠎ᠠ ᠰᠡᠳᠬᠢᠯᠭᠡ ᠲᠠᠢ ᠪᠥᠭᠡᠳ ᠦᠭᠡ ᠭᠡᠯᠡ ᠪᠠᠷ ᠢᠯᠡᠳᠬᠡᠬᠦ ᠶᠢᠨ ᠠᠷᠭ᠎ᠠ ᠥᠬᠡᠶ ᠣᠮᠤᠭ ᠪᠠᠭ᠋ᠠᠳᠤᠯᠲᠤ ᠰᠡᠳᠬᠢᠯᠭᠡ ᠪᠠ ᠠᠮᠵᠢᠯᠲᠠ ᠶᠢᠨ ᠲᠥᠷᠥᠭᠳᠡᠯ ᠢ ᠠᠴᠢᠶᠠᠯᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠭᠦᠨ ᠵᠤᠵᠠᠭᠠᠨ ᠪᠠᠶᠠᠷ ᠪᠠᠶᠠᠰᠤᠯ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃      ᠤᠷᠠᠨ ᠭᠠᠷ ᠢᠶᠠᠷ ᠴᠠᠭᠠᠰᠣᠨ ᠬᠤᠯᠤ ᠨᠤᠭᠤᠯᠵᠤ ᠠᠮᠤᠷ ᠲᠦᠪᠰᠢᠨ ᠬᠡᠰᠢᠭ ᠪᠤᠶᠠᠨ ᠢ ᠬᠤᠷᠣᠶᠢᠯᠡᠵᠡᠢ      ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠳᠣᠷ ᠲᠤ ᠬᠤᠯᠤ ᠡᠯᠭᠦᠵᠦ᠂ ᠠᠮᠤᠷ ᠠᠮᠤᠭᠤᠯᠠᠩ ᠬᠡᠰᠢᠭ ᠪᠤᠶᠠᠨ ᠲᠠᠢ ᠪᠠᠶᠢᠬᠤ ᠶᠢ ᠵᠦᠩᠨᠡᠨ᠎ᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡ ᠳᠣᠣᠷ᠎ᠠ ᠴᠤᠭᠯᠠᠷᠠᠨ᠂ ᠵᠠᠷᠢᠮ ᠨᠢ ᠴᠠᠭᠠᠰᠤ ᠡᠰᠬᠡᠵᠦ᠂ ᠵᠠᠷᠢᠮ ᠨᠢ ᠴᠠᠭᠠᠰᠤᠨ ᠬᠤᠯᠤ ᠨᠤᠭᠤᠯᠵᠤ᠂ ᠵᠠᠷᠢᠮ ᠨᠢ ᠴᠠᠭᠠᠰᠤᠨ ᠬᠤᠯᠤ ᠳᠣᠲᠣᠷ᠎ᠠ ᠰᠠᠶᠢᠨ ᠰᠠᠶᠢᠬᠠᠨ ᠢᠷᠦᠭᠡᠯ ᠵᠥᠩᠨᠡᠯ ᠤᠨ ᠦᠭᠡ ᠪᠢᠴᠢᠵᠦ᠂ ᠤᠯᠠᠨ ᠢᠶᠠᠷ ᠢᠶᠠᠨ ᠨᠢᠭᠡ ᠲᠠᠯ᠎ᠠ ᠪᠠᠷ ᠬᠤᠯᠤ ᠨᠤᠭᠤᠯᠵᠤ᠂ ᠨᠦᠬᠦᠭᠡ ᠲᠠᠯ᠎ᠠ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠲᠤᠬᠠᠢ ᠰᠣᠨᠢᠷᠬᠠᠯᠲᠠᠢ ᠶᠠᠪᠤᠳᠠᠯ ᠢᠶᠠᠨ ᠶᠠᠷᠢᠵᠠᠭᠠᠨ᠎ᠠ᠃ ᠳᠡᠮᠡᠶ ᠤᠳᠠᠯ ᠥᠬᠡᠶ᠂ ᠥᠩᠭᠡ ᠪᠤᠳᠤᠭ ᠨᠢ ᠠᠳᠠᠯᠢ ᠥᠬᠡᠶ ᠪᠣᠯᠵᠣ᠂ ᠶᠡᠭᠡ ᠪᠠᠭ᠎ᠠ ᠴᠠᠭᠠᠰᠤᠨ ᠬᠤᠯᠤ ᠨᠢ ᠣᠯᠠᠨ ᠤ ᠨᠢᠳᠦᠨ ᠡᠮᠦᠨ᠎ᠡ ᠢᠯᠡᠷᠡᠵᠡᠢ᠃ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ᠂ ᠣᠯᠠᠨ ᠢᠶᠠᠷ ᠢᠶᠠᠨ ᠤᠯᠠᠮᠵᠢᠯᠠᠯᠲᠤ  ᠲᠣᠷᠡᠰᠬᠠᠯ ᠤᠨ ᠡᠳᠦᠷ ᠤᠨ ᠷᠢᠳᠢ ᠰᠢᠳᠢ ᠶᠢ ᠡᠳ᠋ᠯᠡᠭᠰᠡᠨ ᠢᠶᠠᠷ ᠪᠠᠷᠠᠬᠤ ᠥᠬᠡᠶ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠴᠦ ᠵᠤᠵᠠᠭᠠᠳᠬᠠᠵᠠᠶ᠃      ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠳᠤ ᠬᠠᠯᠠᠭᠤᠨ ᠳᠣᠲᠣᠨᠣ ᠮᠡᠨᠳᠦᠴᠢᠯᠡᠯ ᠬᠦᠷᠭᠡᠵᠦ ᠠᠷᠠᠳ ᠤᠨ ᠰᠡᠳᠬᠢᠯ ᠢ ᠲᠣᠯᠠᠭᠠᠴᠠᠭᠠᠣᠯᠵᠡᠢ      ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠡᠩ ᠲᠡᠷᠢᠭᠦᠨ ᠳᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠵᠥᠩᠨᠡᠯ ᠢᠶᠠᠨ ᠨᠠᠷᠢᠯᠢᠭ ᠰᠠᠶᠢᠬᠠᠨ ᠬᠤᠯᠤ ᠪᠠᠷ ᠳᠠᠮᠵᠢᠭᠤᠯᠤᠨ ᠬᠤᠩ ᠰᠢᠤᠢ᠂ ᠸᠠᠨ ᠵᠢᠶᠠ ᠶᠤᠸᠠᠨ ᠠᠳᠠᠯ ᠠᠬᠤᠢ ᠶᠢᠨ ᠺᠣᠮᠫᠠᠨᠢ ᠶᠢᠨ ᠠᠵᠢᠯᠲᠠᠳ ᠲᠤ ᠳᠠᠮᠵᠢᠭᠤᠯᠵᠤ᠂ ᠲᠡᠳᠡᠨ ᠤ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠥᠯᠥᠭᠡ ᠰᠢᠷᠭᠠᠭᠤ ᠬᠠᠲᠠᠭᠤᠵᠢᠯᠲᠠᠢ ᠵᠢᠳᠬᠦᠭᠰᠡᠨ ᠳᠤ ᠲᠠᠯᠠᠷᠬᠠᠯ ᠢᠶᠠᠨ ᠲᠡᠪᠰᠢᠬᠦᠯᠪᠡ︔ ᠳᠠᠷᠠᠭ᠎ᠠ ᠳᠤᠨᠢ᠂ ᠪᠣᠭᠤᠭᠰᠠᠨ ᠽᠦᠩᠽᠢ ᠵᠢᠴᠢ ᠲᠠᠬᠢᠶᠠᠨ ᠥᠨᠳᠡᠭᠡ ᠵᠡᠷᠭᠡ ᠲᠣᠬᠤᠨᠢᠭᠤᠯᠬᠤ ᠪᠣᠳᠠᠰ ᠢ ᠬᠠᠷᠢᠶ᠎ᠠ ᠣᠷᠣᠨ ᠤ ᠬᠦᠴᠢᠷᠳᠡᠯᠲᠡᠶ ᠣᠯᠠᠨ ᠲᠦᠮᠡᠨ ᠤ ᠭᠠᠷ ᠲᠤ ᠬᠦᠷᠭᠡᠵᠦ᠂ ᠲᠡᠳᠡᠨ ᠤ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠣᠶᠢᠷ᠎ᠠ ᠶᠢᠨ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠡᠢ᠃ ᠲᠠᠳᠡ ᠨᠠᠷ ᠲᠤ ᠰᠡᠳᠬᠢᠯ ᠢ ᠳᠤᠯᠠᠭᠠᠯᠠᠬᠤ ᠦᠭᠡ ᠶᠠᠷᠢᠶ᠎ᠠ᠂ ᠨᠠᠷᠢᠨ ᠬᠢᠨᠠᠮᠠᠭᠠᠢ ᠵᠠᠬᠢᠶ᠎ᠠ ᠪᠣᠯᠭᠠᠨ ᠨᠢ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠵᠡᠢ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号