ᠲᠢᠶᠠᠨ ‍ᠤᠤᠢ ᠨᠡᠶᠢᠭᠡᠮ ᠲᠣᠭᠤᠷᠢᠭ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠬᠠᠮᠲᠤ ᠪᠠᠷ ᠤᠭᠲᠤᠶ᠎ᠠ ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/6/11
     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠪᠣᠯ ᠳᠤᠮᠳᠠᠳᠤ ᠶᠢᠨ ᠦᠨᠳᠦᠰᠦᠲᠡᠨ ᠤ ᠬᠡᠳᠣᠨ ᠮᠢᠩᠭᠠᠨ ᠣᠨ ᠤ ᠤᠯᠠᠮᠵᠢᠯᠠᠯᠲᠤ ᠲᠣᠷᠡᠰᠬᠠᠯ ᠤᠨ ᠡᠳᠦᠷ ᠮᠥᠨ᠃ ᠷᠡᠰᠢᠶᠠᠨ ᠬᠤᠳᠡ ᠶᠢᠨ ᠲᠢᠶᠠᠨ ‍ᠤᠤᠢ ᠨᠡᠶᠢᠭᠡᠮ ᠲᠣᠭᠤᠷᠢᠭ ᠤᠨ ᠨᠠᠮ ᠤᠨ ᠡᠭᠦᠷ ᠨᠢ ᠲᠢᠶᠠᠨ ‍ᠤᠤᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ᠂  ᠣᠷᠣᠨ ᠨᠣᠳᠤᠭ ᠤᠨ ᠴᠢᠳᠡᠪᠣᠷᠢᠳᠡᠨ ᠬᠦᠮᠣᠵᠢᠬᠦᠯᠬᠦ ᠲᠥᠪ ᠤᠨ ᠨᠠᠮ ᠤᠨ ᠡᠭᠦᠷ᠂ ᠲᠢᠶᠠᠨ ‍ᠤᠤᠢ ᠪᠠᠯᠭᠠᠰᠤᠨ ᠤ ᠡᠪᠯᠡᠯ ᠤᠨ ᠬᠤᠷᠢᠶ᠎ᠠ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠵᠢᠴᠢ ᠨᠢᠭᠡᠴᠢ ᠶᠢᠨ ᠨᠠᠮ ᠤᠨ ᠭᠡᠰᠢᠭᠦᠨ ᠲᠠᠢ ᠬᠠᠮᠲᠤᠷᠠᠨ ᠨᠢᠭᠡ ᠲᠠᠩᠬᠢᠮ ᠳᠤ ᠴᠤᠭᠯᠠᠷᠠᠵᠠᠶ᠃ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ  ᠲᠣᠷᠡᠰᠬᠠᠯᠳᠣ ᠡᠳᠣᠷ ᠢᠶᠠᠨ ᠬᠠᠮᠲᠤᠪᠠᠷ ᠥᠩᠭᠡᠷᠡᠭᠦᠯᠬᠦ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠥᠭᠰᠠᠨ ᠵᠣᠷᠢᠯᠭ᠎ᠠ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠲᠣᠷᠡᠰᠬᠠᠯ ᠤᠨ ᠡᠳᠣᠷ ᠢᠶᠠᠨ ᠣᠬᠳᠣᠵᠣ᠂ ᠰᠠᠭᠤᠭ᠎ᠠ ᠨᠢᠭᠡᠴᠢ ᠶᠢᠨ ᠬᠠᠮᠲᠤᠪᠠᠷ ᠰᠠᠭᠤᠵᠤ ᠬᠠᠮᠲᠤᠪᠠᠷ ᠪᠠᠶᠢᠭᠤᠯᠬᠤ ᠦᠢᠯᠡᠳᠦᠯ ᠢ ᠪᠠᠳᠠᠷᠠᠭᠤᠯᠣᠨ᠂ ᠨᠡᠶᠢᠭᠡᠮ ᠲᠣᠭᠤᠷᠢᠭ ᠤᠨ ᠤᠯᠠᠨ ᠲᠦᠮᠡᠨ ᠤ ᠬᠠᠶᠢᠷ᠎ᠠ ᠰᠡᠳᠬᠢᠯᠭᠡ ᠶᠢ ᠨᠢᠭᠲᠠᠷᠠᠭᠤᠯᠵᠤ᠂ ᠬᠠᠮᠲᠤᠪᠠᠷ ᠲᠡᠮᠡᠴᠡᠬᠦ ᠬᠦᠴᠦᠨ ᠢ ᠨᠢᠭᠲᠠᠷᠠᠭᠤᠯᠵᠤ᠂ ᠡᠶ᠎ᠡ ᠵᠣᠬᠢᠴᠠᠩᠭᠤᠢ ᠠᠮᠤᠷ ᠲᠣᠭᠲᠠᠭᠤᠨ ᠬᠢᠯᠢ ᠬᠢᠵᠠᠭᠠᠷ ᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠡᠭᠦᠳᠬᠦ ᠶᠢᠨ ᠲᠥᠯᠥᠭᠡ ᠶᠤᠮ᠃      ᠠᠵᠢᠯᠯᠠᠭ᠎ᠠ ᠡᠬᠢᠯᠡᠮᠡᠭᠴᠡ ᠨᠡᠶᠢᠭᠡᠮ ᠲᠣᠭᠤᠷᠢᠭ ᠤᠨ ᠠᠵᠢᠯᠲᠠᠳ ᠪᠣᠯᠤᠨ ᠰᠠᠭᠤᠭ᠎ᠠ ᠪᠠᠶᠢᠭᠤᠯᠭ᠎ᠠ ᠶᠢᠨ ᠲᠥᠯᠥᠭᠡᠯᠡᠭᠴᠢᠳ ᠬᠡᠩᠭᠡᠷᠭᠡ ᠳᠡᠯᠡᠳᠦᠨ ᠪᠥᠮᠪᠦᠭᠡ ᠳᠠᠮᠵᠢᠭᠤᠯᠬᠤ ᠬᠡᠯᠪᠡᠷᠢ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠣᠶᠣᠯ ᠤᠨ ᠡᠬᠢ ᠰᠤᠷᠪᠤᠯᠵᠢ ᠪᠣᠯᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠤᠯᠠᠮᠵᠢᠯᠠᠯᠲᠤ ᠰᠣᠶᠣᠯ ᠤᠨ ᠤᠬᠢ ᠰᠣᠳᠣ ᠶᠢ ᠬᠤᠪᠢᠶᠠᠯᠴᠠᠨ ᠡᠳ᠋ᠯᠡᠵᠦ᠂ ᠣᠯᠠᠨ ᠳᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠤᠯᠠᠮᠵᠢᠯᠠᠯᠲᠤ ᠰᠣᠶᠣᠯ ᠤᠨ ᠷᠢᠳᠢ ᠰᠢᠳᠢ ᠪᠣᠯᠤᠨ ᠣᠬᠢ ᠰᠣᠳᠣ ᠶᠢ ᠣᠶᠢᠯᠠᠭᠠᠭᠤᠯᠵᠠᠶ᠃      ᠳᠠᠷᠠᠭ᠎ᠠ ᠳᠤ ᠨᠢ ᠽᠦᠩᠽᠢ ᠪᠣᠭᠤᠬᠤ ᠤᠷᠤᠯᠳᠤᠭᠠᠨ ᠢ ᠥᠷᠨᠢᠭᠦᠯᠪᠡ᠃ ᠤᠷᠤᠯᠳᠤᠭᠴᠢᠳ ᠬᠦᠷᠢᠶᠡᠯᠡᠨ ᠰᠠᠭᠤᠵᠤ᠂ ᠬᠤᠶᠠᠷ ᠨᠢᠭᠡᠴᠢ ᠨᠢ ᠨᠢᠭᠡ ᠳᠤᠭᠤᠶᠢᠯᠠᠩ ᠪᠣᠯᠵᠤ᠂ ᠥᠪᠡᠷ ᠥᠪᠡᠷ ᠤᠨ ᠡᠷᠳᠡᠮ ᠴᠢᠳᠠᠪᠤᠷᠢ ᠪᠠᠨ ᠪᠠᠳᠠᠷᠠᠭᠤᠯᠤᠨ᠂ ᠠᠮᠤ ᠪᠤᠳᠠᠭ᠎ᠠ ᠨᠡᠮᠡᠬᠦ᠂ ᠽᠦᠩᠽᠢ ᠪᠣᠭᠤᠬᠤ᠂ ᠤᠲᠠᠰᠤ ᠤᠶᠠᠬᠤ ᠵᠡᠷᠭᠡ ᠶᠢ ᠨᠢᠭᠡ ᠯᠡ ᠠᠮᠢᠰᠬᠤᠭ᠎ᠠ ᠪᠠᠷ ᠬᠢᠵᠦ᠂ ᠣᠯᠠᠨ ᠢᠶᠠᠷ ᠢᠶᠠᠨ ᠶᠠᠭᠠᠷᠠᠯᠳᠤᠵᠤ᠂ ᠬᠠᠷᠢᠯᠴᠠᠨ ᠰᠣᠯᠢᠯᠴᠠᠵᠤ᠂ ᠬᠥᠳᠡᠯᠮᠦᠷᠢ ᠶᠢᠨ ᠬᠠᠪᠤ ᠴᠡᠩᠭᠡᠯ ᠢ ᠬᠠᠮᠲᠤ ᠪᠠᠷ ᠡᠳ᠋ᠯᠡᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠵᠠᠩ ᠳᠠᠳᠬᠠᠯ ᠢ ᠬᠠᠮᠲᠤ ᠪᠠᠷ ᠶᠠᠷᠢᠯᠴᠠᠵᠤ᠂ ᠬᠥᠳᠡᠯᠮᠦᠷᠢ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠂ ᠳᠤᠷᠠᠰᠬᠠᠯ ᠤᠨ ᠡᠳᠦᠷ ᠤᠨ ᠠᠭᠤᠷ ᠠᠮᠢᠰᠬᠤᠯ ᠢ ᠭᠦᠨ ᠭᠦᠨᠵᠡᠭᠡᠶ ᠣᠶᠢᠯᠠᠭᠠᠯ᠎ᠠ᠃      ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠲᠣᠷᠡᠰᠬᠠᠯ ᠤᠨ ᠡᠳᠦᠷ ᠢ ᠣᠬᠳᠣᠬᠰᠠᠨ ᠢᠶᠠᠷ ᠪᠠᠷᠠᠬᠤ ᠦᠭᠡᠶ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠪᠠᠨ ᠬᠤᠯᠪᠣᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠵᠣᠯ ᠵᠢᠷᠭᠠᠯᠲᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠢᠶᠠᠨ ‍ᠤᠤᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号