ᠸᠠᠩ ᠰᠢᠶᠤᠤ ᠬᠤᠸᠠᠨ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/11
     6 ᠰᠠᠷ᠎ᠠ ᠶᠢᠨ 6 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ᠂ ᠱᠧᠩ ᠵᠢᠩ ᠺᠣᠮᠫᠠᠨᠢ ᠪᠣᠯᠤᠨ ᠲᠠᠷᠢᠶᠠᠯᠠᠩ ᠬᠤᠳᠠᠯᠳᠤᠭᠠᠨ ᠤ ᠺᠣᠮᠫᠠᠨᠢ ᠪᠠᠷ ᠭᠦᠨᠵᠡᠭᠡᠶᠢᠷᠡᠨ ᠬᠤᠲᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠥᠷᠨᠢᠭᠦᠯᠦᠭᠰᠡᠨ ᠪᠠᠶᠢᠳᠠᠯ᠂ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠯᠡᠭᠡ ᠵᠢᠴᠢ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠪᠠ᠃      ᠸᠠᠩ ᠰᠢᠶᠤᠤ ᠬᠤᠸᠠᠨ᠂ ᠬᠤᠲᠠ ᠶᠢᠨ ᠬᠠᠷᠢᠶ᠎ᠠ ᠡᠯ᠎ᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠭᠤᠤᠯᠳᠠᠯᠭ᠎ᠠ ᠲᠠᠢ ᠲᠦᠷᠣᠯ ᠵᠣᠶᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠲᠦᠷᠢᠮ ᠲᠣᠭᠲᠠᠴᠠ ᠶᠢ ᠪᠦᠷᠢᠨᠰᠢᠬᠦᠯᠵᠦ᠂ ᠠᠵᠤ ᠠᠬᠤᠶᠢᠯᠠᠯ ᠤᠨ ᠭᠤᠤᠯᠯᠠᠬᠴᠢ ᠥᠷᠢᠰᠦᠯᠳᠦᠬᠦ ᠬᠦᠴᠦᠨ ᠢ ᠴᠢᠷᠮᠠᠶᠢᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠳᠤᠮᠳᠠᠬᠢ ᠬᠥᠲᠥᠯᠦᠨ ᠳᠠᠭᠠᠭᠤᠯᠬᠤ ᠪᠠ ᠳᠠᠶᠢᠴᠢᠯᠠᠬᠤ ᠣᠶᠢᠯᠡᠳᠦᠯ ᠢ  ᠬᠦᠢᠴᠡᠳ ᠪᠠᠳᠠᠷᠠᠭᠤᠯᠬᠤ ᠬᠡᠷᠡᠭᠲᠡᠶ᠃ ᠠᠵᠤ ᠠᠬᠤᠶ ᠶᠢᠨ ᠦᠷ᠎ᠡ ᠠᠰᠢᠭ ᠢᠶᠠᠷ ᠭᠤᠣᠯᠳᠡᠯᠭ᠎ᠠ ᠪᠣᠯᠭᠠᠨ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠨᠠᠷᠢᠯᠢᠬᠵᠢᠭᠤᠯᠬᠤ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠᠴᠢᠯᠠᠵᠤ᠂ ᠥᠪᠡᠷ ᠤᠨ ᠦᠷᠳᠡᠭ ᠢ ᠬᠢᠵᠠᠭᠠᠷᠯᠠᠬᠤ ᠶᠢ ᠴᠢᠩᠭᠠᠳᠬᠠᠨ᠂ ᠨᠡᠩ ᠤᠯᠠᠨ ᠵᠠᠬ᠎ᠠ ᠳᠡᠯᠭᠡᠭᠦᠷ ᠢ ᠥᠷᠭᠡᠳᠬᠡᠵᠦ᠂ ᠠᠵᠤ ᠠᠬᠤᠶᠢᠯᠠᠯ ᠤᠨ ᠠᠰᠢᠭ ᠣᠯᠵᠠᠪᠤᠷᠢ ᠲᠠᠢ ᠪᠠᠷ ᠣᠷᠣᠯᠭ᠎ᠠ ᠪᠠᠨ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠩᠨᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠥᠪ ᠣᠨᠣᠪᠴᠢᠲᠠᠢ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠰᠢᠯᠢᠳᠡᠭᠵᠢᠭᠦᠯᠵᠦ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠪᠦᠬᠦ ᠠᠵᠢᠯᠳᠠᠨ ᠤ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠡᠳᠡᠨᠠᠷ ᠢ ᠷᠠᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠭᠦᠯᠬᠦ ᠬᠡᠷᠡᠭᠲᠡᠢ  ᠭᠡᠵᠣ ᠴᠢᠬᠤᠯᠠᠴᠢᠯᠠᠵᠡᠢ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号