ᠬᠤᠲᠠ ᠶᠢᠨ ᠠᠷᠠᠳ ᠤᠨ ᠵᠠᠰᠠᠭ ᠤᠨ ᠣᠷᠳᠣᠨ 3 — 4 ᠰᠠᠷ᠎ᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ︾ ᠶᠢ ᠠᠬᠢᠭᠤᠯᠬᠤ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/11
     6 ᠰᠠᠷ᠎ᠠ ᠶᠢᠨ 7 ᠤ ᠡᠳᠦᠷ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 2024 ᠣᠨ ᠤ 3 — 4 ᠰᠠᠷ᠎ᠠ ᠶᠢᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ︾ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠵᠤ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠪᠦᠦ ᠲᠢᠶᠠᠨ ᠬᠤᠷᠠᠯ ᠢ ᠡᠷᠭᠢᠯᠡᠪᠡ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠢᠮᠠᠭᠲᠠ ᠨᠠᠮ ᠤᠨ ᠦᠢᠯᠡᠰ᠂ ᠶᠡᠭᠡ ᠲᠠᠯ᠎ᠠ᠂ ᠠᠷᠠᠳ ᠲᠦᠮᠡᠨ ᠤ ᠠᠰᠢᠭ ᠲᠤᠰᠠ ᠪᠠᠷ ᠭᠤᠣᠯᠳᠠᠯᠭ᠎ᠠ ᠪᠣᠯᠭᠠᠵᠤ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠤᠳᠠ ᠶᠢᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ 2024 ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠠᠨᠠᠭᠠᠨ ᠳᠠᠭᠠᠨ ᠦᠯᠣ ᠠᠪᠤᠭᠰᠠᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠨᠢ ᠡᠷᠡᠰ ᠪᠣᠰᠣ᠂ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠨᠢ ᠲᠦᠢᠯᠪᠤᠷᠢᠲᠠᠢ ᠪᠣᠰᠣ ᠵᠡᠷᠭᠡ ᠠᠰᠠᠭᠤᠳᠠᠯ ᠢ ᠡᠷᠡᠰ ᠴᠢᠩᠭ᠎ᠠ ᠴᠡᠭᠴᠡᠯᠡᠨ ᠵᠠᠰᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠣ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠨᠠᠮ ᠤᠨ ᠭᠡᠰᠢᠭᠦᠨ ᠳᠤ ᠦᠨᠡᠨ ᠬᠦ ᠬᠥᠮᠦᠵᠢᠯ ᠬᠦᠷᠲᠡᠭᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠤᠳᠤᠷᠢᠳᠤᠯᠭ᠎ᠠ ᠨᠠᠷ ᠤᠨ 24 ᠴᠠᠭ ᠤᠨ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠤᠨ ᠠᠵᠢᠯᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠮᠡᠭᠡ ᠬᠤᠯᠪᠣᠭ᠎ᠠ ᠶᠢᠨ ᠰᠠᠭᠠᠳ ᠥᠬᠡᠶ ᠨᠡᠪᠲᠡᠷᠡᠬᠦ ᠶᠢ ᠴᠠᠭ ᠢᠮᠠᠭᠲᠠ ᠪᠠᠲᠤᠯᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠡᠮᠬᠢ ᠵᠢᠷᠤᠮ ᠪᠠ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠷᠠᠰᠢᠶᠠᠨ ᠤ ᠠᠷᠠᠳ ᠣᠯᠠᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠲᠣᠷᠡᠰᠬᠠᠯ ᠤᠨ ᠡᠳᠣᠷ ᠢ ᠪᠠᠶᠠᠷ ᠬᠥᠷ ᠲᠠᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠪᠠᠰᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠠᠷᠠᠯᠵᠢᠶᠠᠴᠢᠨ ᠤᠷᠢᠵᠤ ᠪᠡᠯᠡ  ᠮᠦᠩᠬᠦ ᠣᠷᠣᠭᠤᠯᠣᠨ ᠠᠪᠴᠢᠷᠡᠬᠤ᠂ ᠪᠣᠬᠢᠷᠲᠤᠯ ᠦᠭᠡᠢ ᠪᠠᠭ᠎ᠠ ᠬᠤᠳᠠ ᠶᠢᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠴᠢᠬᠤᠯᠠᠴᠢᠯᠠᠪᠠ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号