ᠷᠡᠰᠢᠶᠠᠨ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠰᠢᠯᠢᠳᠡᠭ ᠠᠵᠤ ᠠᠬᠤᠶᠢᠯᠠᠯ ᠢ ᠢᠳᠡᠪᠬᠢᠲᠡᠶ ᠵᠣᠷᠢᠬᠵᠢᠭᠤᠯᠵᠣ ᠪᠣᠢ
ᠨᠡᠶᠢᠲᠡᠯᠡᠭᠰᠡᠨ ᠴᠠᠭ᠄
2024/6/11
     6 ᠰᠠᠷ᠎ᠠ ᠶᠢᠨ 6 ᠤ ᠡᠳᠦᠷ᠂ ᠷᠡᠰᠢᠶᠠᠨ ᠬᠤᠲᠠ ᠶᠢᠨ ᠣᠶᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠬᠤᠳᠠᠯᠳᠤᠭᠠᠨ ᠤ ᠶᠡᠷᠦᠩᠬᠡᠶ ᠡᠪᠯᠡᠯ ᠳᠤ ᠣᠷᠣᠬᠤ ᠪᠠᠷ ᠰᠢᠨ᠎ᠡ ᠪᠠᠷ ᠭᠤᠶᠤᠴᠢᠯᠠᠭᠰᠠᠨ ᠠᠵᠤ ᠠᠬᠤᠶᠢᠯᠠᠯ ᠷᠠᠰᠢᠶᠠᠨ ᠤ ᠰᠠᠨᠲ ᠫᠧᠲ᠋ᠧᠷᠪᠦ᠋ᠷᠡᠭ ᠤᠨ ᠲᠣᠮᠣ ᠪᠠᠭᠤᠳᠠᠯ ᠳᠤ ᠬᠦᠷᠴᠦ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ ᠬᠢᠨᠠᠨ ᠪᠠᠶᠢᠴᠠᠭᠠᠬᠤ ᠶᠢᠨ ᠬᠠᠮᠲᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠢᠴᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠪᠠ᠃      ᠰᠢᠯᠭᠠᠨ ᠪᠠᠶᠢᠴᠠᠭᠠᠬᠤ ᠳᠤᠭᠤᠶᠢᠯᠠᠩ ᠤᠨ ᠬᠢᠨ ᠲᠣᠰ ᠪᠠᠭᠤᠳᠠᠯ ᠤᠨ ᠥᠷᠥᠭᠡᠨ ᠤ ᠪᠠᠶᠢᠷᠢᠰᠢᠯ᠂ ᠲᠥᠬᠦᠭᠡᠷᠦᠮᠵᠢ ᠶᠢᠨ ᠣᠷᠴᠢᠨ ᠲᠣᠭᠤᠷᠢᠨ᠂ ᠪᠠᠭᠤᠳᠠᠯ ᠤᠨ ᠦᠨᠳᠦᠰᠦᠨ ᠪᠠᠶᠢᠳᠠᠯ ᠵᠢᠴᠢ ᠡᠵᠡᠩᠨᠡᠯᠲᠡ ᠶᠢᠨ ᠣᠶᠢᠯᠠᠭᠠᠭᠳᠠᠬᠤᠨ᠂ ᠠᠵᠢᠯᠲᠠᠨ ᠤ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠰᠢᠯᠭᠠᠨ ᠪᠠᠶᠢᠴᠠᠭᠠᠬᠤ ᠳᠤᠭᠤᠶᠢᠯᠠᠩ ᠤᠨ ᠬᠢᠨ ᠶᠡᠷᠦᠩᠬᠡᠶ ᠬᠤᠳᠠᠯᠳᠤᠭᠠᠴᠢᠳ ᠤᠨ ᠡᠪᠯᠡᠯ ᠤᠨ ᠡᠭᠦᠷᠭᠡ ᠴᠢᠳᠠᠪᠤᠷᠢ ᠶᠢᠨ ᠰᠢᠨᠵᠢ ᠴᠢᠨᠠᠷ ᠢ ᠪᠠᠭᠤᠳᠠᠯ ᠤᠨ ᠬᠠᠷᠢᠭᠤᠴᠠᠯᠭᠠᠲᠠᠨ ᠳᠤ ᠲᠠᠶᠢᠯᠪᠤᠷᠢᠯᠠᠨ ᠲᠣᠳᠣᠷᠬᠠᠶᠢᠯᠠᠵᠣ᠂ ᠬᠤᠳᠠᠯᠳᠤᠭᠠᠴᠢᠳ ᠤᠨ ᠶᠡᠷᠦᠩᠬᠡᠶ ᠡᠪᠯᠡᠯ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠢ ᠰᠤᠷᠭᠠᠨ ᠬᠥᠮᠦᠵᠢᠭᠦᠯᠬᠦ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠡᠰᠢᠭᠦᠳ ᠤᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠲᠠᠰᠤᠷᠠᠯᠲᠠ ᠥᠬᠡᠶ ᠴᠢᠩᠭᠠᠳᠬᠠᠨ᠂ ᠣᠯᠠᠨ ᠲᠠᠯ᠎ᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠦᠷᠭᠦᠯᠵᠢᠯᠡᠨ ᠠᠭᠤᠰᠤᠯᠴᠠᠭᠤᠯᠵᠤ᠂ ᠰᠡᠳᠬᠢᠴᠡ ᠪᠠᠨ ᠥᠷᠭᠡᠳᠬᠡᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠠᠮᠲᠤ ᠪᠠᠷ ᠬᠠᠶᠢᠨ ᠰᠦᠪᠡᠭᠴᠢᠯᠡᠵᠦ᠂ ᠭᠡᠰᠢᠭᠦᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠭᠡᠵᠡᠢ᠃
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号