ᠲᠢᠶᠠᠨ ‍ᠤᠤᠢ ᠪᠠᠯᠭᠠᠰᠤ ᠲᠣᠰᠬᠤᠨ ᠤ ᠬᠠᠮᠲᠤ ᠶᠢᠨ ︽ᠭᠤᠷᠪᠠᠨ ᠬᠦᠷᠣᠩᠭᠡ︾ ᠶᠢᠨ ᠬᠠᠮᠢᠶᠠᠷᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/12
    ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ᠂ ᠪᠠᠯᠠ ᠮᠥᠩᠭᠦ᠂ ᠡᠬᠢ ᠪᠠᠶᠠᠯᠢᠭ ᠤᠨ ᠵᠢᠷᠤᠮᠵᠢᠭᠰᠠᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠶᠢᠨ ᠲᠤᠰᠠᠳᠠ᠂ 6 ᠰᠠᠷ᠎ᠠ ᠶᠢᠨ 11 ᠤ ᠡᠳᠦᠷ᠂ ᠷᠡᠰᠢᠶᠠᠨ ᠬᠤᠳᠡ ᠶᠢᠨ ᠲᠢᠶᠠᠨ ‍ᠤᠤᠢ ᠪᠠᠯᠭᠠᠰᠤ ᠶᠢᠨ ᠬᠢᠨ ᠲᠣᠰᠬᠤᠨ ᠤ ᠬᠠᠮᠲᠤ ᠶᠢᠨ ︽ᠭᠤᠷᠪᠠᠨ ᠬᠦᠷᠣᠩᠭᠡ︾ ᠶᠢᠨ ᠬᠠᠮᠢᠶᠠᠷᠤᠯᠲᠠ ᠶᠢᠨ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠡᠢ᠃ ᠬᠤᠷᠠᠯ ᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠸᠠᠩ ᠰᠢᠶᠤᠤ ᠯᠦᠩ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠣᠳᠣᠷᠢᠳᠬᠤ ᠪᠠᠭ ᠤᠨ ᠪᠦᠷᠢᠯᠳᠦᠬᠦᠨ᠂ ᠢᠷᠪᠢᠰ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃     ᠲᠣᠰᠬᠤᠨ ᠤ ᠬᠠᠮᠲᠤ ᠶᠢᠨ ᠠᠵᠤ ᠠᠬᠤᠶ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ ᠪᠠᠯᠭᠠᠰᠤᠨ ᠤ ᠨᠠᠮ ᠤᠨ ᠬᠤᠷᠢᠶ᠎ᠠ ᠲᠦᠷᠦᠭᠦᠯᠡᠵᠦ᠂ ᠲᠣᠰᠬᠤᠨ ᠤ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠵᠢᠴᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠵᠢᠯ ᠤᠨ ᠲᠤᠰᠬᠠᠶ ᠠᠩᠭᠢ ᠪᠠᠶᠢᠭᠤᠯᠤᠭᠰᠠᠨ ᠪᠥᠭᠡᠳ ᠢᠷᠪᠢᠰ ᠲᠣᠰᠬᠤᠨ ᠤ ︽ᠭᠤᠷᠪᠠᠨ ᠬᠦᠷᠣᠩᠭᠡ︾ ᠶᠢᠨ ᠬᠠᠮᠢᠶᠠᠷᠤᠯᠲᠠ ᠶᠢᠨ ᠪᠠᠶᠢᠳᠡᠯ ᠢ ᠵᠢᠬᠰᠠᠭᠠᠨ ᠪᠠᠶᠢᠴᠠᠭᠠᠵᠣ᠂ ᠪᠡᠯᠡ ᠮᠦᠩᠬᠦ ᠶᠢᠨ ᠣᠷᠣᠯᠭ᠎ᠠ ᠵᠠᠷᠣᠯᠭ᠎ᠠ ᠶᠢᠨ ᠪᠠᠶᠢᠳᠡᠯ ᠳᠤ ᠪᠦᠬᠦ ᠲᠠᠯ᠎ᠠ ᠪᠠᠷ ᠪᠠᠶᠢᠴᠠᠭᠠᠯᠳᠡ ᠬᠢᠪᠡ᠃ ᠪᠠᠯᠠ ᠮᠥᠩᠭᠦ ᠶᠢᠨ ᠬᠡᠷᠡᠭᠯᠡᠯᠲᠡ ᠵᠢᠴᠢ ᠡᠳ᠋ ᠤᠨ ᠶᠠᠪᠤᠳᠠᠯ ᠤᠨ ᠬᠠᠮᠢᠶᠠᠷᠤᠯᠲᠠ ᠨᠢ ᠵᠢᠷᠤᠮᠵᠢᠯ ᠲᠠᠢ ᠪᠠᠶᠢᠬᠤ ᠡᠰᠡᠬᠦ᠂ ᠲᠠᠩᠰᠠ ᠪᠠᠶᠢᠭᠤᠯᠬᠤ᠂ ᠲᠠᠩᠰᠠ ᠮᠡᠳᠡᠭᠦᠯᠬᠦ ᠨᠢ ᠴᠠᠭ ᠲᠤᠬᠠᠶ ᠳᠤᠨᠢ ᠪᠠᠶᠢᠬᠤ ᠡᠰᠡᠬᠦ᠂ ᠡᠳ᠋ ᠬᠥᠷᠥᠩᠭᠡ ᠶᠢᠨ ᠡᠬᠢ ᠪᠠᠶᠠᠯᠢᠭ ᠢ ᠴᠠᠭ ᠲᠤᠬᠠᠶ ᠳᠤᠨᠢ ᠲᠠᠩᠰᠠᠨ ᠳᠤ ᠣᠷᠣᠭᠤᠯᠤᠭᠰᠠᠨ ᠡᠰᠡᠬᠦ᠂ ︽ᠭᠤᠷᠪᠠᠨ ᠬᠦᠷᠣᠩᠭᠡ︾ ᠶᠢᠨ ᠬᠠᠮᠢᠶᠠᠷᠤᠯᠲᠠ ᠶᠢᠨ ᠲᠠᠩᠰᠠ ᠨᠢ ᠪᠣᠳᠠᠲᠤ ᠪᠠᠶᠢᠳᠠᠯ ᠲᠠᠢ ᠨᠡᠶᠢᠴᠡᠬᠦ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠵᠠᠢ᠃ ᠲᠤᠰ ᠤᠳᠠᠭ᠎ᠠ ᠶᠢᠨ ᠬᠤᠷᠠᠯ ᠠᠴᠠ ︽ᠭᠤᠷᠪᠠᠨ ᠬᠦᠷᠣᠩᠭᠡ︾ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃     ᠬᠤᠷᠠᠯ ᠳᠡᠭᠡᠷ᠎ᠡ᠂ ᠢᠷᠪᠢᠰ ᠲᠣᠰᠬᠤᠨ ᠤ ︽ᠭᠤᠷᠪᠠᠨ ᠬᠦᠷᠣᠩᠭᠡ︾ ᠶᠢᠨ ᠬᠠᠮᠢᠶᠠᠷᠤᠯᠲᠠ ᠳᠤ ᠢᠯᠡᠷᠡᠭᠰᠡᠨ ᠬᠠᠮᠢᠶᠠᠷᠤᠯᠲᠠ ᠶᠢᠨ ᠬᠦᠴᠦᠨ᠂ ᠮᠠᠲ᠋ᠧᠷᠢᠶᠠᠯ ᠪᠦᠷᠢᠨ ᠪᠤᠰᠤ ᠪᠠᠶᠢᠬᠤ ᠠᠰᠠᠭᠤᠳᠠᠯ ᠳᠤ ᠴᠢᠭᠯᠡᠭᠦᠯᠦᠨ ᠭᠦᠨᠵᠡᠭᠡᠢ ᠪᠥᠭᠡᠳ ᠨᠠᠷᠢᠨ ᠨᠢᠭᠲᠠ ᠶᠠᠷᠢᠯᠴᠠᠵᠠᠢ᠃ ᠬᠤᠷᠠᠯ ᠠᠴᠠ᠂ ᠬᠥᠳᠡᠭᠡ ᠲᠣᠰᠬᠤᠨ ᠤ ︽ᠭᠤᠷᠪᠠᠨ ᠬᠦᠷᠣᠩᠭᠡ︾ ᠶᠢᠨ ᠬᠠᠮᠢᠶᠠᠷᠤᠯᠲᠠ ᠶᠢᠨ ᠠᠵᠢᠯ ᠪᠣᠯ ᠬᠥᠳᠡᠭᠡ ᠲᠣᠰᠬᠤᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠲᠦᠰᠢᠭ ᠮᠥᠨ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠬᠤ ᠬᠡᠷᠡᠭᠲᠡᠢ᠃ ᠪᠥᠬᠦ ᠪᠠᠯᠭᠠᠰᠣ ᠶᠢᠨ ᠳᠡᠭᠡᠳᠦ ᠳᠣᠤᠷᠠᠳᠤ ᠱᠠᠲᠣ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠦᠨᠡᠨ ᠬᠦ ᠡᠴᠦᠰ ᠲᠤᠨᠢ ᠲᠤᠯᠲᠠᠯ᠎ᠠ ᠠᠳᠬᠤᠵᠤ᠂ ᠠᠮᠵᠢᠯᠲᠠ ᠪᠦᠲᠦᠮᠵᠢ ᠭᠠᠷᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠲᠣᠰᠬᠤᠨ ᠤ ᠬᠠᠮᠲᠤᠷᠠᠭᠰᠠᠨ ᠤᠳᠤᠷᠢᠳᠤᠯᠭ᠎ᠠ ︽ᠺᠠᠳ᠋ᠷ ᠠᠵᠢᠯ ᠬᠢᠵᠣ᠂ ᠰᠡᠳᠬᠢᠴᠡ ᠪᠠᠨ ᠲᠣᠳᠣᠷᠬᠠᠢ ᠪᠠᠶᠢᠯᠭᠠᠵᠤ᠂ ᠪᠡᠶ᠎ᠡ ᠪᠠᠨ ᠴᠢᠩᠭ᠎ᠠ ᠱᠠᠭᠠᠷᠳᠠᠬᠤ︾ ᠭᠡᠬᠦ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠠ ᠪᠠᠨ ᠨᠠᠷᠢᠯᠢᠬᠵᠢᠭᠤᠯᠵᠤ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠵᠢᠷᠤᠮᠵᠢᠯᠲᠠ᠂ ᠮᠡᠳᠡᠭᠡ ᠵᠠᠩᠭᠢᠵᠢᠯᠲᠠ᠂ ᠢᠯᠠ ᠲᠣᠳᠣ ᠪᠣᠯᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠪᠦᠬᠦ ᠲᠠᠯ᠎ᠠ ᠪᠠᠷ ᠪᠠᠶᠢᠴᠠᠭᠠᠵᠤ ᠪᠠᠶᠢᠳᠠᠯ ᠢ ᠣᠶᠢᠯᠠᠭᠠᠵᠤ᠂ ᠠᠵᠢᠯ ᠤᠨ ᠡᠬᠡ ᠳᠠᠩᠰᠠ ᠶᠢ ᠪᠠᠶᠢᠭᠤᠯᠬᠤ ᠬᠡᠷᠡᠭᠲᠡᠢ᠃     ᠲᠣᠰ ᠤᠳᠠᠭᠠᠨ ᠤ ︽ᠭᠤᠷᠪᠠᠨ ᠬᠦᠷᠣᠩᠭᠡ︾ ᠶᠢᠨ ᠬᠠᠮᠢᠶᠠᠷᠤᠯᠲᠠ ᠨᠢ ᠢᠯᠡᠷᠡᠬᠦᠯᠥᠭᠰᠠᠨ ᠠᠰᠠᠭᠤᠳᠡᠯ ᠢ ᠲᠠᠩᠰᠠᠯᠠᠨ ᠲᠠᠮᠳᠡᠭᠯᠡᠵᠣ᠂ ᠲᠦᠷᠣᠯ ᠢᠯᠭᠠᠨ ᠲᠠᠪᠳᠡᠷ ᠵᠣᠬᠢᠶᠠᠵᠣ᠂ ᠨᠢᠭᠡ ᠨᠢᠭᠡᠳ ᠢᠶᠠᠷ ᠰᠢᠢᠳᠪᠣᠷᠢᠯᠡᠨ᠂ ᠰᠢᠢᠳᠪᠣᠷᠢᠯᠡᠵᠣ ᠲᠠᠶᠢᠯᠬᠦ ᠶᠢ ᠨᠢ ᠴᠠᠭ ᠲᠣᠬᠠᠢ ᠳᠤᠨᠢ ᠴᠡᠭᠴᠡᠯᠡᠨ ᠵᠠᠰᠠᠵᠣ ᠨᠠᠶᠢᠳᠡᠪᠣᠷᠢᠵᠢᠭᠤᠯᠣᠨ᠂ ᠲᠡᠷᠡ ᠳᠠᠷᠤᠢ ᠳᠤᠨᠢ  ᠰᠢᠢᠳᠪᠣᠷᠢᠯᠡᠵᠣ ᠥᠭᠡᠷᠡᠴᠢᠯᠡᠵᠦ ᠳᠡᠶᠢᠯᠬᠦ ᠦᠭᠡᠢ ᠶᠢ ᠨᠢ ᠴᠢᠩᠭ᠎ᠠ ᠠᠳᠬᠤᠨ᠂ ᠨᠠᠷᠢᠨ ᠪᠣᠳᠠᠲᠠᠢ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠲᠣᠭᠲᠠᠭᠠᠵᠤ᠂ ᠴᠠᠭ ᠬᠤᠭᠤᠴᠠᠭ᠎ᠠ ᠶᠢ ᠵᠠᠭᠠᠭᠯᠠᠨ ᠲᠣᠭᠲᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠣ ᠱᠠᠭᠠᠷᠳᠠᠵᠡᠢ᠃     ᠲᠠᠷᠠᠭᠠᠴᠢ ᠶᠢᠨ ᠠᠯᠬᠤᠮ ᠳᠤ᠂ ᠲᠢᠶᠠᠨ ‍ᠤᠤᠢ ᠪᠠᠯᠭᠠᠰᠤ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠥᠪᠡᠷ  ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠠᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠡᠷᠬᠡ ᠠᠰᠢᠭ ᠢ ᠦᠨᠡᠨ ᠬᠦ ᠬᠠᠮᠠᠭᠠᠯᠠᠨ᠂ ᠣᠯᠠᠨ ᠲᠦᠮᠡᠨ ᠤ ᠬᠠᠤᠯᠢ ᠶᠣᠰᠣᠨ ᠤ ᠠᠰᠢᠭ ᠲᠤᠰᠠ ᠶᠢ ᠪᠠᠲᠤᠯᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠷᠡᠭᠦᠯ ᠪᠥᠭᠡᠳ ᠥᠨᠳᠥᠷ ᠪᠦᠲᠦᠮᠵᠢᠲᠡᠶ ᠬᠥᠭᠵᠢᠯᠲᠡ ᠶᠢ ᠪᠡᠶᠡᠯᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠰᠢᠳᠢᠲᠦ ᠲᠢᠶᠠᠨ ‍ᠤᠤᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号