ᠸᠧᠨᠴᠢᠣᠸᠠᠨ ᠵᠡᠭᠡᠯᠢ ᠨᠡᠷᠡᠨ ᠡᠨᠧᠷᠭᠢ ᠶᠢᠨ ᠵᠠᠮ ᠤᠨ ᠳ᠋ᠧᠩ ᠤᠭᠰᠠᠷᠠᠵᠤ ᠰᠠᠭᠤᠭᠠᠯᠢ ᠠᠷᠠᠳ ᠤᠨ ᠰᠡᠳᠬᠢᠯ ᠢ ︽  ᠲᠣᠯᠠᠭᠠᠴᠠᠭᠤᠯᠪᠡ︾
ᠨᠡᠶᠢᠲᠡᠯᠡᠭᠰᠡᠨ ᠴᠠᠭ᠄
2024/6/12
      ︽ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠢᠨ ᠪᠢᠳᠡᠨ ᠳᠤ ᠵᠠᠮ ᠤᠨ ᠳ᠋ᠧᠩ ᠲᠠᠭᠠᠷᠠᠭᠤᠯᠵᠤ ᠥᠭᠭᠦᠭᠰᠡᠨ ᠳᠤ ᠲᠠᠯᠠᠷᠬᠠᠵᠤ ᠪᠠᠶᠢᠨ᠎ᠠ᠂ ᠡᠨᠡ ᠨᠢ ᠠᠮᠤᠷ ᠲᠦᠪᠰᠢᠨ ᠤ ᠳᠠᠯᠳᠠ ᠬᠡᠮ ᠢ ᠠᠷᠢᠯᠭᠠᠭᠰᠠᠨ ᠪᠥᠭᠡᠳ  ᠭᠠᠷᠴᠣ ᠣᠷᠣᠬᠤ ᠳᠤ ᠴᠤ ᠳᠥᠭᠦᠮ ᠦᠵᠡᠭᠦᠯᠵᠦ᠂ ᠰᠠᠭᠤᠭᠠᠯᠢ ᠠᠷᠠᠳ ᠤᠨ ᠰᠥᠨᠢ ᠪᠠᠷ ᠭᠠᠷᠴᠣ ᠣᠷᠣᠬᠤ ᠳᠤ ᠳᠥᠭᠦᠮ ᠦᠵᠡᠭᠦᠯᠵᠡᠶ︾ ᠭᠡᠵᠦ ᠸᠧᠨᠴᠢᠣᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠶᠠᠩ ᠠᠪᠠᠭ᠋ᠠᠶ ᠡᠷᠡᠬᠡᠶ ᠬᠤᠷᠤᠭᠤ ᠪᠠᠨ  ᠭᠠᠷᠭᠠᠨ ᠬᠡᠯᠡᠪᠡ᠃     ᠣᠶᠢᠷ᠎ᠠ ᠳᠤ᠂ ᠰᠠᠭᠤᠭᠠᠯᠢ ᠠᠷᠠᠳ ᠤᠨ ᠲᠤᠰᠬᠠᠭᠰᠠᠨ ᠸᠧ ᠯᠦᠩ ᠴᠧᠩ᠂ ᠹᠧᠩ ᠬᠤᠸᠠ ᠪᠠᠭ᠎ᠠ ᠲᠣᠭᠤᠷᠢᠭ ᠤᠨ ᠵᠠᠮ ᠤᠨ ᠳ᠋ᠧᠩ ᠨᠡᠯᠢᠶᠡᠳ ᠴᠥᠭᠡᠨ ᠪᠦᠭᠡᠳ ᠪᠦᠳᠡᠭᠡᠢ ᠰᠥᠨᠢ ᠪᠠᠷ ᠭᠠᠳᠠᠭᠰᠢ ᠭᠠᠷᠬᠤ ᠳᠤ ᠳᠥᠭᠦᠮ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠸᠧᠨᠴᠢᠣᠸᠠᠨ ᠵᠡᠭᠡᠯᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯᠲᠠᠳ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠲᠠᠢ ᠶᠠᠷᠢᠯᠴᠠᠬᠤ ᠬᠤᠷᠠᠯ ᠬᠢᠵᠦ᠂ ᠵᠠᠮ ᠤᠨ ᠳ᠋ᠧᠩ ᠤᠭᠰᠠᠷᠠᠬᠤ ᠲᠤᠭ᠎ᠠ ᠬᠡᠮᠵᠢᠶ᠎ᠡ ᠪᠠ ᠤᠭᠰᠠᠷᠠᠬᠤ ᠣᠷᠣᠨ ᠪᠠᠶᠢᠷᠢ ᠶᠢ ᠵᠥᠪᠳᠡᠯᠴᠡᠨ᠂ ᠰᠠᠭᠤᠭᠠᠯᠢ ᠠᠷᠠᠳ ᠤᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠪᠠ᠃     ᠣᠯᠠᠨ ᠲᠦᠮᠡᠨ ᠤ ︽ᠪᠠᠴᠢᠮᠳᠡᠵᠣ ᠲᠦᠪᠡᠭᠳᠡᠵᠣ ᠵᠣᠪᠡᠨᠢᠵᠣ ᠬᠦᠰᠠᠵᠣ︾ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠠᠭᠤᠭᠠᠯᠢ ᠠᠷᠠᠳ ᠤᠨ ᠲᠣᠭᠤᠷᠢᠭ ᠢ ︽ᠭᠡᠷᠡᠯᠲᠦᠭᠦᠯᠬᠦ︾ ᠶᠢᠨ ᠲᠥᠯᠥᠭᠡ᠂ ᠸᠧᠨᠴᠢᠣᠸᠠᠨ ᠵᠡᠭᠡᠯᠢ ᠶᠢᠨ ᠬᠢᠨ ᠠᠷᠡᠳ ᠤᠨ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠤ ᠳᠠᠷᠠᠭ᠎ᠠ᠂ ᠠᠷᠠᠳ ᠤᠨ ᠠᠮᠢᠳᠤᠷᠠᠯ ᠤᠨ ᠪᠢᠴᠢᠯ ᠪᠣᠳᠠᠲᠤ ᠶᠠᠪᠤᠳᠠᠯ ᠤᠨ ᠲᠥᠷᠥᠯ  ᠵᠣᠶᠢᠯ ᠢ ᠭᠤᠶᠤᠴᠢᠯᠠᠨ ᠮᠡᠳᠡᠭᠦᠯᠬᠦ ᠪᠠᠷ ᠳᠠᠮᠵᠢᠭᠤᠯᠤᠨ᠂ 50 ᠨᠡᠷᠡᠨ ᠡᠨᠧᠷᠭᠢ ᠶᠢᠨ ᠵᠠᠮ ᠤᠨ ᠳ᠋ᠧᠩ ᠢ ᠤᠭᠰᠠᠷᠠᠵᠤ᠂ ᠪᠠᠰᠠ ᠰᠠᠭᠤᠭᠠᠯᠢ ᠠᠷᠠᠳ ᠤᠨ ᠰᠠᠨᠠᠯ ᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠶᠢ ᠦᠨᠡᠨ ᠬᠦ ᠪᠠᠲᠤᠯᠠᠪᠠ᠃ ︽ᠨᠡᠷᠡᠨ ᠡᠨᠧᠷᠭᠢ ᠶᠢᠨ ᠵᠠᠮ ᠤᠨ ᠳ᠋ᠧᠩ ᠠᠮᠤᠷ ᠵᠢᠮᠦᠷ᠂ ᠴᠠᠬᠢᠯᠭᠠᠨ ᠬᠡᠷᠡᠭᠯᠡᠬᠦ ᠦᠭᠡᠶ᠂ ᠡᠨᠧᠷᠭᠢ ᠠᠷᠪᠢᠯᠠᠬᠤ ᠮᠥᠷᠲᠡᠭᠡᠨ ᠠᠮᠤᠷ ᠲᠦᠪᠰᠢᠨ ᠣᠷᠴᠢᠨ ᠠᠬᠤᠶ ᠶᠢ ᠬᠠᠮᠠᠭᠠᠯᠠᠬᠤ ᠨᠢ ᠦᠨᠡᠬᠡᠷ ᠠᠷᠠᠳ ᠲᠤ ᠠᠰᠢᠭ ᠬᠦᠷᠲᠡᠭᠡᠬᠦ ᠰᠠᠶᠢᠨ ᠶᠠᠪᠤᠳᠠᠯ ᠰᠢᠤ︾ ᠭᠡᠵᠣ ᠰᠠᠭᠤᠭᠠᠯᠢ ᠠᠷᠠᠳ ᠵᠠᠯᠭᠠᠭ᠎ᠠ ᠪᠠᠷ ᠮᠠᠭᠲᠠᠨ ᠰᠠᠶᠢᠰᠢᠶᠠᠵᠤ ᠪᠠᠶᠢᠯ᠎ᠠ᠃     ᠡᠨᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢ ᠵᠥᠪᠬᠡᠨ ᠳ᠋ᠧᠩ ᠤᠨ ᠭᠡᠷᠡᠯ ᠲᠡᠳᠦᠶ ᠪᠢᠰᠢ᠂ ᠨᠡᠩ ᠴᠤ ᠠᠷᠠᠳ ᠲᠤ ᠦᠢᠯᠡᠴᠢᠯᠡᠬᠦ ᠦᠨᠡᠨ ᠪᠣᠳᠠᠲᠤ ᠵᠢᠷᠤᠭᠯᠠᠯ ᠮᠥᠨ᠂ ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠳᠠᠭ ᠦᠭᠡᠶ᠃ ᠵᠠᠮ ᠤᠨ ᠳ᠋ᠧᠩ ᠨᠢ ᠰᠠᠭᠤᠭᠠᠯᠢ ᠠᠷᠠᠳ ᠤᠨ ᠶᠠᠪᠤᠵᠤ ᠰᠠᠭᠤᠬᠤ ︽ᠠᠮᠤᠷ ᠠᠮᠤᠭᠤᠯᠠᠩ ᠵᠠᠮ︾ ᠢ ᠭᠡᠷᠡᠯᠲᠦᠭᠦᠯᠦᠭᠰᠡᠨ ᠪᠥᠭᠡᠳ ᠰᠠᠭᠤᠭᠠᠯᠢ ᠠᠷᠠᠳ ᠤᠨ ᠠᠮᠢᠳᠤᠷᠠᠯ ᠤᠨ ︽ᠵᠣᠯ ᠵᠢᠷᠭᠠᠯᠲᠤ ᠵᠠᠮ ︾ ᠢ ᠴᠤ ᠭᠡᠷᠡᠯᠲᠦᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠸᠧᠨᠴᠢᠣᠸᠠᠨ ᠵᠡᠭᠡᠯᠢ ᠶᠢᠨ ᠬᠢᠨ ᠦᠷᠭᠦᠯᠵᠢᠯᠡᠨ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠰᠠᠨᠠᠭᠠᠰᠢᠷᠡᠵᠣ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠵᠦᠢᠯ ᠢ ᠰᠢᠢᠳᠪᠦᠷᠢᠯᠡᠵᠦ᠂ ᠤᠯᠠᠨ ᠲᠦᠮᠡᠨ ᠤ ᠬᠦᠰᠡᠵᠦ ᠪᠠᠶᠢᠭ᠎ᠠ ᠵᠦᠢᠯ ᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠣᠨ᠂ ᠰᠠᠭᠤᠭᠠᠯᠢ ᠠᠷᠠᠳ ᠤᠨ ︽ ᠪᠠᠴᠢᠮᠳᠡᠵᠣ ᠲᠦᠪᠡᠭᠳᠡᠵᠣ ᠵᠣᠪᠠᠨᠢᠵᠣ ᠬᠦᠰᠠᠵᠣ︾ ᠪᠠᠶᠢᠭ᠎ᠠ ᠠᠰᠠᠭᠤᠳᠠᠯ ᠳᠡᠭᠡᠷ᠎ᠡ ᠬᠦᠴᠦ ᠲᠠᠯᠪᠢᠵᠤ᠂ ᠤᠯᠠᠨ ᠶᠠᠩᠵᠤ ᠬᠡᠯᠪᠡᠷᠢ ᠪᠠᠷ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠰᠠᠭᠤᠭᠠᠯᠢ ᠠᠷᠠᠳ ᠲᠤ ᠬᠦᠴᠢᠷ ᠠᠰᠠᠭᠤᠳᠠᠯ ᠢ ᠰᠢᠢᠳᠪᠦᠷᠢᠯᠡᠨ᠂ ᠰᠠᠶᠢᠨ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠬᠦ ᠪᠠᠷ ᠴᠢᠷᠮᠠᠶᠢᠨ᠎ᠠ᠃
 
ᠢᠷᠡᠯᠲᠡ᠄ ᠷᠠᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号