ᠪᠠᠶ ᠬᠤᠸᠠ ᠯᠢᠨ ᠨᠡᠶᠢᠭᠡᠮ ᠲᠣᠭᠤᠷᠢᠭ ᠠᠮᠢᠨ ᠬᠡᠷᠡᠭ ᠢ ᠰᠡᠷᠭᠡᠶᠢᠯᠡᠨ ᠡᠵᠡᠮᠳᠡᠵᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/12
    ᠣᠶᠢᠷ᠎ᠠ ᠳᠤ᠂ ᠪᠠᠶ ᠯᠠᠩ ᠪᠠᠯᠭᠠᠰᠤᠨ ᠤ ᠪᠠᠶ ᠬᠤᠸᠠ ᠯᠢᠨ ᠨᠡᠶᠢᠭᠡᠮ ᠲᠣᠭᠤᠷᠢᠭ ᠤᠨ ᠬᠢᠨ ᠪᠠᠶ ᠯᠠᠩ ᠪᠠᠯᠭᠠᠰᠤᠨ ᠤ ᠠᠮᠤᠷ ᠠᠮᠣᠭᠤᠯᠠᠩ ᠤᠨ ᠪᠠᠶᠢᠭᠤᠯᠤᠯᠲᠠ ᠶᠢᠨ ᠠᠯᠪᠠᠨ ᠬᠡᠷ᠂ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢᠨ ᠬᠤᠪᠢᠶᠠᠷᠢ ᠨᠡᠶᠢᠭᠡᠮᠯᠢᠭ ᠲᠠᠢ ᠬᠠᠮᠲᠤᠷᠠᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠬᠠᠤᠯᠢ ᠴᠠᠭᠠᠵᠠ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠪᠡ᠃ ᠡᠭᠦᠨ ᠤ ᠬᠠᠮᠲᠤ ᠠᠮᠢᠳᠤᠷᠠᠯ ᠤᠨ ᠳᠤᠮᠳᠠᠬᠢ ᠬᠡᠷᠡᠭ ᠤᠨ ᠪᠣᠳᠡᠳᠣ ᠵᠢᠱᠢᠶ᠎ᠡ ᠲᠠᠢ ᠤᠶᠠᠯᠳᠤᠭᠤᠯᠤᠨ᠂ ᠰᠠᠭᠤᠭᠠᠯᠢ ᠠᠷᠠᠳ ᠲᠤ ᠣᠷᠤᠭ ᠬᠤᠷᠢᠮ ᠬᠡᠷ ᠪᠦᠯᠢ᠂ ᠬᠠᠤᠯᠢ ᠴᠠᠭᠠᠵᠠ ᠬᠠᠤᠯᠢ ᠲᠣᠭᠲᠠᠭᠠᠯ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠮᠡᠳᠡᠯᠭᠡ ᠵᠢᠴᠢ ᠠᠮᠢᠨ ᠬᠡᠷᠡᠭ ᠢ ᠡᠭᠦᠰᠭᠡᠭᠰᠡᠨ ᠭᠤᠤᠯ ᠰᠢᠯᠲᠠᠭᠠᠨ ᠪᠠ ᠡᠭᠦᠷᠭᠡᠯᠡᠬᠦ ᠶᠣᠰᠣᠲᠠᠶ ᠬᠠᠤᠯᠢ ᠴᠠᠭᠠᠵᠠ ᠶᠢᠨ ᠦᠷ᠎ᠡ ᠳ᠋ᠦᠩ ᠵᠡᠷᠭᠡ ᠶᠢ ᠲᠠᠶᠢᠯᠪᠤᠷᠢᠯᠠᠵᠤ ᠥᠭᠴᠠᠢ᠃ ᠬᠥᠷᠰᠢ ᠵᠡᠷᠭᠡᠯᠡᠳᠡᠭᠡ ᠶᠢᠨ ᠬᠤᠭᠤᠷᠣᠨᠳᠣ ᠪᠠᠨ ᠡᠶ᠎ᠡ ᠨᠠᠶᠢᠷᠲᠠᠶ ᠪᠠᠷ ᠬᠠᠮᠲᠤ ᠣᠷᠣᠰᠢᠬᠤ᠂ ᠬᠠᠷᠢᠯᠴᠠᠨ ᠳᠠᠷᠤᠤ ᠬᠢᠴᠢᠶᠡᠩᠭᠦᠶ ᠪᠠᠷ ᠬᠠᠷᠢᠯᠴᠠᠨ ᠨᠠᠶᠢᠷ ᠲᠠᠯᠪᠢᠬᠤ᠂ ᠬᠡᠷᠡᠭ ᠢᠶᠠᠷ ᠲᠤᠯᠢ ᠪᠣᠯᠭᠠᠬᠤ᠂ ᠰᠤᠷᠭᠠᠮᠵᠢ ᠠᠪᠬᠤ ᠶᠢ ᠰᠠᠨᠠᠭᠠᠴᠢᠯᠠᠵᠤ᠂ ︽ᠠᠵᠢᠯ ᠶᠠᠪᠤᠳᠠᠯ ᠬᠢᠬᠦ ᠳᠡᠭᠡᠨ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ︾ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠲᠦᠯᠬᠢᠨ ᠠᠬᠢᠭᠤᠯᠵᠡᠢ᠃     ᠲᠠᠷᠠᠭᠠᠴᠢ ᠶᠢᠨ ᠠᠯᠬᠤᠮ ᠳᠤ᠂ ᠪᠠᠶ ᠬᠤᠸᠠ ᠯᠢᠨ ᠨᠡᠶᠢᠭᠡᠮ ᠲᠣᠭᠤᠷᠢᠭ ᠤᠨ ᠬᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠤ ᠬᠠᠤᠯᠢ ᠪᠠᠷ ᠵᠠᠰᠠᠬᠤ ᠰᠡᠳᠬᠢᠬᠦᠶ ᠶᠢᠨ ᠴᠢᠳᠠᠪᠤᠷᠢ ᠶᠢ ᠴᠢᠩᠭᠠᠷᠠᠭᠤᠯᠵᠤ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠨᠡᠶᠢᠭᠡᠮ ᠤᠨ ᠣᠷᠴᠢᠨ ᠨᠥᠬᠦᠴᠡᠯ ᠢ ᠬᠠᠮᠲᠤ ᠪᠠᠷ ᠴᠣᠭᠴᠠᠯᠠᠨ ᠪᠠᠶᠢᠭᠤᠯᠤᠨ᠎ᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号