ᠬᠤᠸᠠ ᠷᠦᠨ ᠪᠦᠯᠦᠭᠯᠡᠯ  ᠷᠠᠰᠢᠶᠠᠨ ᠬᠤᠳ᠋ᠨ ᠶᠢᠨ ᠬᠦᠰᠠᠯᠠᠩᠳᠣ ᠪᠠᠭ᠎ᠠ ᠪᠠᠯᠭᠠᠰᠣᠨ ᠳᠤ ᠬᠠᠨᠳᠢᠪᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/6/12
    6 ᠰᠠᠷ᠎ᠠ ᠶᠢᠨ 11 ᠤ ᠡᠳᠦᠷ᠂ ᠬᠤᠸᠠ ᠷᠦᠨ ᠪᠦᠯᠦᠭᠯᠡᠯ ᠷᠠᠰᠢᠶᠠᠨ ᠤ ᠬᠤᠸᠠ ᠷᠦᠨ ᠬᠦᠰᠡᠯᠡᠩᠲᠦ ᠪᠠᠭ᠎ᠠ ᠪᠠᠯᠭᠠᠰᠣᠨ ᠳᠤ ᠬᠠᠨᠳᠢᠪᠯᠠᠬᠤ ᠶᠣᠰᠣᠯᠠᠯ ᠶᠠᠪᠤᠭᠤᠯᠵᠤ᠂ ᠷᠡᠰᠢᠶᠠᠨ ᠬᠤᠳᠡ ᠶᠢᠨ ᠵᠠᠰᠠᠭ ᠤᠨ ᠣᠷᠳᠣᠨ ᠲᠠᠢ ᠬᠠᠮᠲᠤ ᠪᠠᠷ ᠭᠠᠷ ᠤᠨ ᠥᠰᠥᠭ ᠵᠢᠷᠤᠪᠠ᠃     ᠷᠠᠰᠢᠶᠠᠨ ᠤ ᠬᠤᠸᠠ ᠷᠦᠨ ᠬᠦᠰᠡᠯᠡᠩᠲᠦ ᠪᠠᠭ᠎ᠠ ᠪᠠᠯᠭᠠᠰᠤᠨ ᠤ ᠲᠦᠷᠦᠯ ᠵᠦᠢᠯ ᠨᠢ ᠪᠠᠢ ᠯᠠᠩ ᠪᠠᠯᠭᠠᠰᠤ ᠶᠢᠨ ᠪᠣᠭᠤ ᠶᠢᠨ ᠲᠣᠰᠬᠤᠨ ᠳᠤ ᠪᠠᠶᠢᠷᠢᠯᠠᠵᠤ᠂ ᠭᠤᠣᠯᠳᠡᠭᠤ ᠮᠢ ᠯᠠᠨ ᠬᠤᠸᠠ ᠪᠠᠭᠤᠳᠠᠯ᠂ ᠪᠣᠭᠤ ᠶᠢᠨ ᠲᠣᠰᠬᠤᠨ ᠤ ᠠᠷᠠᠳ ᠤᠨ ᠣᠷᠣᠨ ᠰᠠᠭᠤᠴᠠ ᠶᠢ ᠰᠢᠨᠡᠳᠬᠡᠨ ᠵᠠᠰᠠᠬᠤ ᠵᠢᠴᠢ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠢᠨᠵᠧᠨᠧᠷᠢᠩ ᠪᠣᠯᠤᠨ᠎ᠠ᠃ ᠲᠦᠷᠦᠯ ᠵᠦᠢᠯ ᠢ ᠠᠰᠢᠬᠯᠠᠯᠳᠡ ᠳᠤ ᠣᠷᠣᠭᠤᠯᠣᠬᠰᠠᠨ ᠤ ᠳᠠᠷᠠᠭ᠎ᠠ᠂ ᠷᠠᠰᠢᠶᠠᠨ ᠬᠤᠳᠠ ᠶᠢᠨ ᠵᠢᠭᠤᠯᠴᠢᠯᠠᠯ ᠤᠨ ᠦᠢᠯᠡᠰ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠪᠠᠢ ᠯᠠᠩ ᠣᠷᠬᠢᠯ ᠤᠨ ᠴᠠᠰᠤᠨ ᠳᠤ ᠭᠤᠯᠭᠤᠬᠤ ᠲᠠᠯᠠᠪᠠᠢ᠂ ᠪᠠᠢ ᠯᠠᠩ ᠤᠢ ᠰᠢᠭᠤᠢ ᠶᠢᠨ ᠦᠵᠡᠮᠵᠢ ᠶᠢᠨ ᠣᠷᠣᠨ ᠵᠢᠴᠢ ᠡᠷᠬᠢᠨ ᠲᠣᠭᠤᠷᠢᠨ ᠤ ᠠᠵᠣ ᠣᠶᠢᠯᠡᠰ ᠤᠨ ᠬᠠᠮᠳᠣᠪᠡᠷ ᠬᠥᠭᠵᠢᠭᠦᠯᠬᠦ ᠶᠢ ᠳᠠᠶᠢᠴᠢᠯᠠᠵᠤ᠂ ᠷᠠᠰᠢᠶᠠᠨ ᠤ ᠵᠢᠭᠤᠯᠴᠢᠯᠠᠯ ᠤᠨ ᠨᠠᠷ᠎ᠡ ᠠᠯᠳᠠᠷᠰᠢᠯ ᠢ ᠦᠷᠭᠦᠯᠵᠢᠯᠡᠨ ᠳᠡᠭᠡᠭᠰᠢᠯᠡᠭᠦᠯᠵᠦ᠂ ᠪᠣᠭᠤ ᠶᠢᠨ ᠲᠣᠰᠬᠤᠨ ᠤ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠣᠯᠣᠨ᠎ᠠ᠃     ᠬᠤᠶᠠᠷ ᠲᠠᠯ᠎ᠠ ᠪᠠᠷ ᠢᠶᠠᠨ ᠨᠢᠭᠡᠳᠦᠯᠲᠡᠢ ᠲᠥᠯᠥᠪᠵᠢᠭᠦᠯᠭᠡ ᠪᠠᠨ ᠴᠢᠨᠠᠭᠰᠢᠳᠠ ᠴᠢᠩᠭᠠᠳᠬᠠᠵᠤ᠂ ᠰᠢᠵᠢᠷ ᠠᠯᠳᠠᠨ ︽ᠪᠠᠷᠢᠯᠭ᠎ᠠ ᠶᠢᠨ ᠬᠤᠭᠤᠴᠠᠭ᠎ᠠ︾ ᠶᠢ ᠠᠮᠵᠢᠨ᠂ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠷᠠᠰᠢᠶᠠᠨ ᠤ ᠬᠤᠸᠠ ᠷᠦᠨ ᠬᠦᠰᠠᠯᠠᠩᠳᠣ ᠪᠠᠭ᠎ᠠ ᠪᠠᠯᠭᠠᠰᠤᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠵᠤ᠂ ᠡᠷᠲᠡᠭᠡᠨ ᠪᠦᠳᠦᠬᠡᠨ ᠪᠠᠶᠢᠭᠤᠯᠬᠤ᠂ ᠡᠷᠲᠡᠭᠡᠨ ᠠᠰᠢᠭᠯᠠᠯᠲᠠ ᠳᠤ ᠣᠷᠣᠭᠤᠯᠬᠤ᠂ ᠡᠷᠲᠡᠭᠡᠨ ᠦᠷ᠎ᠡ ᠪᠦᠲᠦᠮᠵᠢ ᠤᠯᠬᠤ ᠶᠢ ᠪᠠᠲᠤᠯᠠᠵᠤ᠂ ᠵᠢᠭᠤᠯᠴᠢᠯᠠᠯ ᠤᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠬᠦᠴᠦᠯᠡᠵᠦ᠂ ᠵᠡᠷᠭᠡᠪᠡᠷ ᠬᠥᠭᠵᠢᠬᠦ ᠶᠢ ᠪᠡᠶᠡᠯᠡᠭᠦᠯᠦᠨ᠎ᠡ ᠭᠡᠵᠦ ᠰᠠᠨᠠᠯ ᠨᠢᠭᠡᠳᠡᠢ ᠢᠯᠡᠳᠬᠡᠪᠡ᠃     ᠷᠠᠰᠢᠶᠠᠨ ᠬᠤᠳᠠ ᠪᠣᠯᠤᠨ ᠬᠤᠸᠠ ᠷᠦᠨ ᠪᠦᠯᠦᠭᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠶᠣᠰᠣᠯᠠᠯ ᠳᠤ ᠣᠷᠣᠯᠴᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号