ᠢᠷᠪᠢᠰ ᠬᠢᠯᠢ ᠶᠢᠨ ᠳᠤᠮᠢᠯᠠᠬᠰᠠᠨ ᠰᠠᠯᠪᠤᠷᠢ ᠭᠠᠭᠴᠠᠭᠠᠷ ᠢᠶᠠᠨ ᠠᠮᠢᠳᠤᠷᠠᠵᠦ ᠪᠠᠶᠢᠭ᠎ᠠ ᠨᠠᠰᠤᠳᠠᠨ ᠢ ᠪᠤᠯᠭᠤᠭᠠᠨ ᠳᠤᠬᠤᠨᠢᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/6/13
     ᠨᠠᠰᠤᠳᠠᠨ ᠢᠶᠠᠨ ᠬᠦᠨᠳᠦᠳᠭᠡᠵᠦ ᠨᠢᠯᠬᠠᠰ ᠢᠶᠠᠨ ᠬᠠᠶᠢᠷᠠᠯᠠᠬᠤ ᠳᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠦ ᠰᠠᠶᠢᠨ ᠰᠤᠷᠳᠠᠯ ᠢ ᠤᠯᠠᠮᠵᠢᠯᠠᠨ ᠪᠠᠳᠠᠷᠠᠭᠤᠯᠵᠦ᠂ ᠭᠠᠭᠴᠠᠭᠠᠷ ᠢᠶᠠᠨ ᠠᠮᠢᠳᠤᠷᠠᠵᠦ ᠪᠠᠶᠢᠭ᠎ᠠ ᠨᠠᠰᠤᠳᠠᠳ ᠲᠤ ᠬᠠᠶᠢᠷ᠎ᠠ ᠬᠠᠯᠠᠮᠵᠢ ᠬᠦᠷᠭᠡᠬᠦ ᠪᠠᠷ᠂ 6 ᠰᠠᠷ᠎ᠠ ᠶᠢᠨ 10 ᠤ ᠡᠳᠦᠷ ᠷᠠᠰᠢᠶᠠᠨ ᠬᠤᠳᠡ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠢᠷᠪᠢᠰ ᠬᠢᠯᠢ ᠶᠢᠨ ᠳᠤᠮᠢᠯᠠᠬᠰᠠᠨ ᠰᠠᠯᠪᠤᠷᠢ ᠶᠢᠨ ᠬᠢᠨ ᠴᠠᠰᠤᠳᠦ ᠬᠤᠳᠠ ᠶᠢᠨ ᠵᠢᠷᠤᠮ ᠤᠨ ᠴᠠᠬᠳᠠᠭ᠎ᠠ ᠲᠠᠢ ᠬᠤᠯᠪᠤᠭᠠᠯᠠᠨ᠂ ᠬᠠᠷᠢᠶᠠᠳᠦ ᠤᠷᠤᠨ ᠤ ᠪᠠᠨ ᠭᠠᠭᠴᠠᠭᠠᠷ ᠢᠶᠠᠨ ᠠᠮᠢᠳᠤᠷᠠᠵᠦ ᠪᠠᠶᠢᠭ᠎ᠠ ᠨᠠᠰᠤᠳᠠᠨ ᠢ ᠪᠤᠯᠭᠤᠭᠠᠨ ᠳᠤᠬᠤᠨᠢᠭᠤᠯᠬᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃      ᠠᠵᠢᠯᠯᠠᠭ᠎ᠠ ᠳᠤ᠂ ᠠᠷᠠᠳ ᠤᠨ ᠴᠠᠬᠳᠠᠭ᠎ᠠ ᠨᠠᠷ ᠨᠠᠰᠤᠳᠠᠳ ᠤᠨ ᠭᠡᠷ ᠢᠶᠠᠷ ᠬᠦᠷᠴᠦ᠂ ᠳᠡᠳᠡᠨᠡᠷ ᠤᠨ ᠠᠮᠢᠳᠤᠷᠠᠯ ᠤᠨ ᠪᠠᠶᠢᠳᠡᠯ᠂ ᠪᠡᠶ᠎ᠠ ᠮᠠᠬᠠᠪᠤᠳ ᠤᠨ ᠪᠠᠶᠢᠳᠡᠯ ᠵᠢᠴᠢ ᠡᠳᠦᠷ ᠳᠤᠳᠤᠮ ᠤᠨ ᠠᠵᠢᠯ ᠠᠮᠢᠳᠤᠷᠠᠯ ᠳᠤᠮᠳᠠ ᠤᠷᠤᠰᠢᠵᠦ ᠪᠠᠶᠢᠭ᠎ᠠ ᠬᠦᠴᠢᠷ ᠵᠤᠪᠠᠭᠤᠷᠢ ᠶᠢ ᠰᠠᠶᠢᠳᠤᠷ ᠤᠶᠢᠯᠠᠭᠠᠬᠰᠠᠨ ᠮᠦᠷᠳᠡᠭᠡᠨ ᠡᠳ᠋ ᠪᠤᠳᠠᠰ ᠬᠦᠷᠭᠡᠨ ᠪᠠᠶᠠᠷ ᠤᠨ ᠡᠳᠦᠷ ᠤᠨ ᠮᠠᠨᠳᠤᠴᠢᠯᠡᠯ ᠳᠠᠪᠰᠢᠬᠦᠯᠦᠭᠰᠡᠨ ᠪᠠᠶᠢᠨ᠎ᠠ᠃ ᠡᠬᠦᠨ ᠤ ᠵᠡᠷᠭᠡᠪᠡᠷ ᠴᠠᠰᠤᠳᠦ ᠬᠤᠳᠠ ᠶᠢᠨ ᠵᠢᠷᠤᠮ ᠴᠠᠬᠳᠠᠭ᠎ᠠ ᠨᠠᠷ ᠰᠠᠨᠠᠭᠠᠴᠢᠯᠠᠭ᠎ᠠ ᠠᠴᠠ ᠪᠠᠨ ᠨᠠᠰᠤᠳᠠᠶᠢᠴᠤᠳ ᠤᠨ ᠦᠰᠦ ᠭᠡᠵᠢᠶ᠎ᠠ ᠶᠢ ᠵᠠᠰᠠᠬᠤ᠂ ᠭᠡᠷ ᠭᠠᠳᠠᠨᠠᠬᠢ ᠶᠢ ᠨᠢ ᠴᠡᠪᠡᠷᠯᠡᠬᠦ᠂ ᠴᠠᠭᠢᠯᠭᠠᠨ ᠭᠡᠷᠡᠭᠰᠡᠯ ᠤᠨ ᠡᠪᠳᠡᠷᠡᠵᠦ ᠬᠠᠭᠤᠴᠢᠷᠠᠬᠰᠠᠨ ᠪᠠᠶᠢᠳᠡᠯ ᠢ ᠪᠠᠶᠢᠴᠠᠭᠠᠬᠤ ᠵᠡᠷᠭᠡ ᠠᠵᠢᠯᠯᠠᠭ᠎ᠠ ᠦᠷᠨᠢᠬᠦᠯᠬᠦ ᠶᠢᠨ ᠬᠠᠮᠳᠦ ᠵᠢᠷᠤᠮ ᠤᠨ ᠴᠠᠬᠳᠠᠭ᠎ᠠ ᠪᠦᠷᠢ ᠨᠢᠭᠡ ᠡᠷᠦᠭᠡ ᠶᠢ ᠳᠠᠭᠠᠭᠠᠴᠢᠯᠠᠨ ᠠᠪᠴᠦ ᠂ ᠰᠠᠷ᠎ᠠ ᠪᠦᠷᠢ ᠡᠷᠦᠭᠡ ᠪᠠᠷ ᠬᠦᠨᠵᠡᠭᠡᠶᠢᠷᠡᠨ ᠬᠠᠶᠢᠷ᠎ᠠ ᠬᠠᠯᠠᠮᠵᠢ ᠭᠥᠷᠳᠡᠬᠡᠭᠦ ᠪᠠᠷ ᠳᠤᠬᠳᠠᠬᠰᠠᠨ ᠪᠠᠶᠢᠨ᠎ᠠ᠃      ᠳᠤᠰ ᠤᠳᠠᠭᠠᠨ ᠤ ᠠᠵᠢᠯᠯᠠᠭ᠎ᠠ ᠨᠢ ᠭᠠᠭᠴᠠᠭᠠᠷ ᠢᠶᠠᠨ ᠠᠮᠢᠳᠤᠷᠠᠵᠦ ᠪᠠᠶᠢᠭ᠎ᠠ ᠨᠠᠰᠤᠳᠠᠳ ᠲᠤ ᠬᠠᠶᠢᠷ᠎ᠠ ᠬᠠᠯᠠᠮᠵᠢ ᠬᠦᠷᠭᠡᠬᠦ ᠪᠠᠷ ᠳᠠᠮᠵᠢᠨ ᠴᠠᠬᠳᠠᠭ᠎ᠠ ᠠᠷᠠᠳ ᠤᠨ ᠵᠢᠭᠠᠰᠦ ᠤᠰᠤᠨ ᠤ ᠬᠠᠷᠢᠴᠠᠭ᠎ᠠ ᠶᠢ ᠤᠯᠠᠮ ᠨᠢᠬᠳᠠᠷᠠᠭᠤᠯᠵᠦ ᠂ ᠠᠮᠤᠷ ᠠᠮᠤᠭᠤᠯᠠᠩ ᠡᠶ᠎ᠡ ᠨᠠᠶᠢᠷᠠᠮᠳᠠᠭᠤ ᠷᠠᠰᠢᠶᠠᠨ ᠬᠤᠳᠠ ᠶᠢᠨ ᠪᠦᠳᠦᠭᠡᠨ ᠪᠠᠶᠢᠭᠤᠯᠤᠯᠳᠠ ᠳᠤ ᠬᠦᠴᠦᠨ ᠨᠡᠮᠡᠷᠢᠯᠡᠭᠰᠡᠨ ᠪᠠᠶᠢᠨ᠎ᠠ᠃
      ᠵᠢᠷᠤᠬ ᠲᠤ᠂ ᠵᠢᠷᠤᠮ ᠤᠨ ᠴᠠᠬᠳᠠᠭ᠎ᠠ ᠠᠴᠠ ᠨᠠᠰᠤᠳᠠᠨ ᠤ ᠦᠰᠦ ᠭᠡᠵᠢᠭᠡ ᠶᠢ ᠨᠢ ᠵᠠᠰᠠᠵᠦ ᠦᠭᠴᠦ ᠪᠤᠢ᠃      ᡁᠢ ᠮᠢᠨ ᠪᠠᠢ ᠪᠢᠡᠭ ᠰᠡᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号