ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠤ᠄ | ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ | ᠶᠠᠪᠣᠳᠡᠯ ᠤᠨ ᠨᠠᠷᠢᠨ ᠲᠠᠩᠰᠠ ︵2023 ᠣᠨ ᠤ ᠬᠡᠪᠯᠡᠯ︶ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2023 ︺ 83 ᠳ᠋ᠤᠭᠠᠷ ᠲᠣᠭᠠᠲᠤ︶ ᠪᠠ ︽ | ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ | ᠲᠠᠩᠰᠠ ︵2024 ᠣᠨ ᠤ ᠬᠡᠪᠯᠡᠯ︶ ᠶᠢ ᠳᠠᠷᠤᠮᠠᠯᠯᠠᠨ ᠶᠠᠪᠤᠭᠤᠯᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ | ᠮᠡᠳᠡᠭᠳᠡᠯ︾ ︵ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ︹ 2024 ︺ 8 ᠳ᠋ᠤᠭᠠᠷ ᠲᠣᠭᠠᠲᠤ︶ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠬᠤᠲᠠ ᠶᠢᠨ | ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ | ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠵᠤ᠂ ᠠᠵᠤ ᠠᠬᠤᠶᠢᠯᠠᠯ ᠪᠠ ᠣᠯᠠᠨ | ᠲᠦᠮᠡᠨ ᠳᠤ ᠨᠡᠩ ᠡᠷᠬᠡ ᠲᠡᠭᠰᠢ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ | ᠲᠣᠭᠤᠷᠢᠨ ᠢ ᠪᠣᠢ ᠪᠣᠯᠭᠠᠵᠤ ᠥᠭᠭᠦᠨ᠎ᠡ᠃ ᠡᠳᠦᠭᠡ ︽ᠷᠠᠰᠢᠶᠠᠨ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠭᠡᠷᠡᠭ ᠶᠠᠪᠣᠳᠡᠯ ᠤᠨ ᠨᠠᠷᠢᠨ ᠲᠠᠩᠰᠠ ︵2024 ᠣᠨ ᠤ ᠬᠡᠪᠯᠡᠯ︶︾ ︵ᠳᠣᠷᠣᠭᠰᠢ ︽ᠵᠠᠰᠠᠭ ᠵᠠᠬᠢᠷᠭᠠᠨ ᠤ | ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ︾ ᠭᠡᠵᠦ ᠲᠣᠪᠴᠢᠯᠠᠨ᠎ᠠ︶ ᠢ ᠲᠠᠨᠠᠷ ᠲᠤ ᠳᠠᠷᠤᠮᠠᠯᠯᠠᠨ | ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠣᠭᠠᠷᠡᠢ᠃ | ᠨᠢᠭᠡ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ᠶᠢ ᠴᠢᠩᠭ᠎ᠠ | ᠵᠢᠷᠤᠮᠵᠢᠭᠤᠯᠬᠤ ᠭᠡᠷᠡᠭᠳᠡᠢ | ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ᠶᠢᠨ | ᠬᠠᠮᠢᠶᠠᠷᠤᠯᠲᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠵᠤ᠂ ᠤᠯᠤᠰ ᠪᠠ | ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠱᠠᠭᠠᠷᠳᠠᠯᠭ᠎ᠠ ᠶᠣᠰᠣᠭᠠᠷ᠂ ︽ᠵᠠᠰᠠᠭ ᠵᠠᠬᠢᠷᠭᠠᠨ ᠤ | ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠷᠢᠨ | ᠲᠠᠩᠰᠠ ᠠᠴᠠ ᠭᠠᠳᠠᠨ᠎ᠠ ᠴᠥᠮ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠣᠯᠬᠤ | ᠥᠬᠡᠶ᠂ ᠬᠡᠯᠪᠡᠷᠢ ᠶᠢ ᠨᠢ ᠥᠭᠡᠷᠡᠲᠦᠭᠦᠯᠦᠨ ᠵᠥᠪᠰᠢᠶᠡᠷᠡᠬᠦ᠂ ᠳᠠᠪᠬᠤᠷᠳᠠᠭᠤᠯᠤᠨ ᠬᠢᠨᠠᠨ ᠵᠥᠪᠰᠢᠶᠡᠷᠡᠬᠦ᠂ ᠴᠢᠬᠤᠯᠠ | ᠥᠬᠡᠶ ᠬᠢᠨᠠᠨ ᠵᠥᠪᠰᠢᠶᠡᠷᠡᠬᠦ ᠵᠡᠷᠭᠡ ᠣᠶᠢᠯᠡ ᠠᠵᠢᠯᠯᠠᠭ᠎ᠠ ᠶᠢ ᠶᠡᠬᠡᠪᠡᠷ ᠴᠡᠭᠴᠡᠯᠡᠨ ᠵᠠᠰᠠᠬᠤ ᠬᠡᠷᠡᠭᠲᠡᠶ᠃ | ᠬᠤᠶᠠᠷ᠂ ᠭᠡᠷᠡᠭ ᠶᠠᠪᠣᠳᠡᠯ ᠤᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ | ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ᠶᠢᠨ ᠬᠥᠳᠡᠯᠦᠩᠭᠦᠶ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠥᠬᠦ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ | ᠶᠠᠪᠣᠳᠡᠯ ᠤᠨ ᠨᠠᠷᠢᠨ ᠲᠠᠩᠰᠠ ᠳᠤ ᠬᠥᠳᠡᠯᠦᠩᠭᠦᠶ ᠬᠠᠮᠢᠶᠠᠷᠤᠯᠲᠠ ᠶᠠᠪᠤᠭᠤᠯᠵᠤ᠂ ᠨᠠᠷᠢᠨ ᠲᠠᠩᠰᠠ ᠶᠢᠨ ᠬᠠᠮᠢᠶᠠᠷᠤᠯᠲᠠ | ᠪᠠ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ | ᠰᠤᠳᠤᠯᠤᠨ ᠰᠢᠢᠳᠪᠣᠷᠢᠯᠡᠬᠦ ᠭᠡᠷᠡᠭᠳᠡᠢ᠃ ᠳᠡᠭᠡᠳᠦ ᠱᠠᠲᠤᠨ ᠤ ᠨᠠᠷᠢᠨ ᠲᠠᠩᠰᠠ ᠳᠤ ᠲᠣᠬᠢᠷᠠᠭᠤᠯᠤᠯᠲᠠ ᠬᠢᠭᠰᠡᠨ | ᠪᠠᠶᠢᠪᠠᠯ᠂ ᠲᠣᠰ ᠱᠠᠲᠤᠨ ᠤ ᠨᠠᠷᠢᠨ ᠲᠠᠩᠰᠠ ᠳᠤ ᠴᠠᠭ ᠲᠤᠬᠠᠶ ᠳᠤᠨᠢ ᠵᠣᠬᠢᠴᠠᠩᠭᠤᠶ ᠲᠣᠬᠢᠷᠠᠭᠤᠯᠤᠯᠲᠠ ᠬᠢᠬᠦ | ᠬᠡᠷᠡᠭᠲᠡᠶ᠃ | ᠭᠤᠷᠪᠠ᠂ ᠭᠡᠷᠡᠭ ᠶᠠᠪᠤᠳᠠᠯ ᠤᠨ ᠡᠮᠦᠨ᠎ᠡ᠂ ᠭᠡᠷᠡᠭ ᠶᠠᠪᠤᠳᠠᠯ ᠤᠨ ᠳᠤᠮᠳᠠ ᠪᠠ ᠭᠡᠷᠡᠭ ᠶᠠᠪᠤᠳᠠᠯ ᠤᠨ ᠳᠠᠷᠠᠭᠠᠬᠢ | ᠪᠦᠬᠦ ᠬᠡᠯᠬᠢᠶ᠎ᠡ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠭᠡᠷᠡᠭᠳᠡᠢ | ︽ᠬᠡᠨ ᠬᠢᠨᠠᠨ ᠵᠥᠪᠰᠢᠶᠡᠷᠡᠪᠡᠯ᠂ ᠭᠡᠨ ᠬᠠᠷᠢᠭᠤᠴᠠᠵᠤ᠂ ᠬᠡᠨ ᠭᠤᠤᠯᠴᠢᠯᠠᠨ ᠬᠠᠮᠢᠶᠠᠷᠪᠡᠯ᠂ ᠭᠡᠨ ᠬᠢᠨᠠᠨ | ᠬᠠᠮᠢᠶᠠᠷᠬᠤ︾ ᠵᠠᠷᠴᠢᠮ ᠶᠣᠰᠣᠭᠠᠷ᠂ ᠡᠯ᠎ᠡ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠭᠤᠯᠴᠠᠭᠠ ᠪᠠᠨ ᠦᠨᠡᠨ ᠬᠦ | ᠴᠢᠩᠭᠠᠳᠬᠠᠵᠤ᠂ ᠠᠶᠢᠮᠠᠭ ᠤᠨ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠨᠡᠶᠢᠲᠡᠯᠡᠭᠰᠡᠨ ᠬᠢᠨᠠᠨ ᠬᠠᠮᠢᠶᠠᠷᠬᠤ ᠲᠦᠷᠢᠮ ᠪᠠ ᠪᠠᠷᠢᠮᠵᠢᠶ᠎ᠠ ᠶᠣᠰᠣᠭᠠᠷ ᠴᠢᠩᠭ᠎ᠠ ᠬᠡᠷᠡᠭᠵᠢᠭᠦᠯᠬᠦ ᠬᠡᠷᠡᠭᠲᠡᠶ᠃ ᠭᠡᠷᠡᠭ | ᠶᠠᠪᠤᠳᠠᠯ ᠤᠨ ᠡᠮᠦᠨ᠎ᠡ᠂ ᠭᠡᠷᠡᠭ ᠶᠠᠪᠤᠳᠠᠯ ᠤᠨ ᠳᠤᠮᠳᠠ ᠪᠠ ᠭᠡᠷᠡᠭ ᠶᠠᠪᠤᠳᠠᠯ ᠤᠨ ᠳᠠᠷᠠᠭᠠᠬᠢ ᠪᠦᠬᠦ ᠬᠡᠯᠬᠢᠶ᠎ᠡ ᠪᠦᠬᠦ | ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠢᠨᠠᠨ ᠬᠠᠮᠢᠶᠠᠷᠬᠤ ᠶᠢ ᠵᠠᠪᠰᠠᠷ ᠦᠭᠡᠢ | ᠵᠣᠯᠭᠠᠭᠤᠯᠬᠤ᠂ ᠵᠣᠬᠢᠴᠠᠭᠤᠯᠤᠨ ᠬᠤᠯᠪᠣᠯᠳᠤᠭᠤᠯᠬᠤ ᠶᠢ ᠦᠨᠡᠨ ᠬᠦ ᠪᠠᠲᠤᠯᠠᠬᠤ ᠭᠡᠷᠡᠭᠳᠡᠢ᠃ | ᠳᠠᠭᠠᠯᠳᠤᠭᠤᠯᠤᠯ᠄ ᠳᠠᠭᠠᠯᠳᠤᠭᠤᠯᠤᠯ 1᠄ ᠷᠠᠰᠢᠶᠠᠨ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ | ᠶᠠᠪᠣᠳᠡᠯ ᠤᠨ ᠨᠠᠷᠢᠨ ᠲᠠᠩᠰᠠ ︵2024 ᠣᠨ ᠤ ᠬᠡᠪᠯᠡᠯ︶ ᠶᠢᠨ ᠨᠢᠭᠡᠳᠦᠭᠡᠷ ᠬᠡᠰᠡᠭ᠃ xlsx | ᠳᠠᠭᠠᠯᠳᠤᠭᠤᠯᠤᠯ 2᠄ ᠷᠠᠰᠢᠶᠠᠨ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ | ᠨᠠᠷᠢᠨ ᠲᠠᠩᠰᠠ ︵2024 ᠣᠨ ᠤ ᠬᠡᠪᠯᠡᠯ︶ ᠶᠢᠨ ᠬᠤᠶᠠᠳᠤᠭᠠᠷ ᠬᠡᠰᠡᠭ᠃ xlsx | ᠳᠠᠭᠠᠯᠳᠤᠭᠤᠯᠤᠯ 3᠄ ᠷᠠᠰᠢᠶᠠᠨ ᠬᠤᠲᠠ ᠶᠢᠨ ᠡᠯ᠎ᠡ ᠨᠢᠭᠡᠴᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ | ᠶᠠᠪᠣᠳᠡᠯ ᠤᠨ ᠲᠤᠭ᠎ᠠ᠃ xls | 2024 ᠣᠨ ᠤ 5 ᠰᠠᠷ᠎ᠠ ᠶᠢᠨ 7 ᠤ ᠡᠳᠣᠷ | | ※ ᠨᠠᠷᠢᠨ ᠠᠭᠤᠯᠭ᠎ᠠ ᠶᠢ ᠷᠡᠰᠢᠶᠠᠨ ᠬᠤᠳᠡ ᠶᠢᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ ᠠᠴᠠ ᠦᠵᠡᠭᠡᠷᠡᠢ︕ | |