2023 ᠤᠨ ᠤ ᠬᠤᠪᠢ ᠬᠦᠮᠦᠨ ᠤ ᠠᠰᠢᠭ ᠤᠯᠵᠠᠪᠤᠷᠢ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ | ᠤᠷᠤᠯᠭ᠎ᠠ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠠᠵᠢᠯ ᠰᠢᠪᠳᠤᠷᠭᠠᠨ ᠳᠠᠭᠠᠨ ᠤᠷᠤᠭᠠᠳ | ᠪᠠᠶᠢᠨ᠎ᠡ᠃ ᠤᠯᠤᠰ ᠤᠨ ᠭᠠᠶᠢᠯᠢ ᠶᠢᠨ ᠶᠠᠪᠤᠳᠡᠯ ᠤᠨ ᠶᠡᠷᠦᠩᠬᠡᠢ ᠲᠤᠪᠴᠢᠶ᠎ᠡ ᠶᠢᠨ ᠨᠡᠶᠢᠳᠡᠯᠡᠭᠰᠡᠨ ︽2023 ᠤᠨ ᠤ | ᠬᠤᠪᠢ ᠬᠦᠮᠦᠨ ᠤ ᠠᠰᠢᠭ ᠤᠯᠵᠠᠪᠤᠷᠢ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠤᠷᠤᠯᠭ᠎ᠠ ᠶᠢ | ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠵᠦᠢᠯᠡᠰ ᠢ ᠬᠦᠢᠴᠡᠳᠬᠡᠬᠦ ᠲᠤᠬᠠᠢ ᠠᠯᠪᠠᠨ ᠵᠠᠷᠯᠠᠯ︾ ᠢ | ᠦᠨᠳᠦᠰᠦᠯᠡᠪᠡᠯ᠂ 2023 ᠤᠨ ᠤ ᠬᠤᠪᠢ ᠬᠦᠮᠦᠨ ᠤ ᠠᠰᠢᠭ ᠤᠯᠵᠠᠪᠤᠷᠢ ᠶᠢᠨ ᠭᠠᠶᠢᠯᠢ ᠶᠢ ᠬᠤᠷᠢᠶᠠᠩᠭᠤᠶᠢᠯᠠᠨ | ᠪᠤᠳᠤᠵᠤ ᠬᠦᠢᠴᠡᠳᠬᠡᠬᠦ ᠴᠠᠭ ᠨᠢ 2024 ᠤᠨ ᠤ 3 ᠰᠠᠷ᠎ᠡ ᠶᠢᠨ 1 ᠤ ᠡᠳᠤᠷ ᠠᠴᠠ 6 ᠰᠠᠷ᠎ᠡ ᠶᠢᠨ 30 ᠤ ᠡᠳᠤᠷ | ᠪᠤᠯᠳᠠᠯᠡᠬᠢ ᠬᠤᠭᠤᠴᠠᠭ᠎ᠠ ᠪᠤᠯᠤᠨ᠎ᠡ᠃ | ᠬᠡᠷᠪᠡ ᠭᠠᠶᠢᠯᠢ ᠲᠤᠰᠢᠶᠠᠭᠴᠢ 2023 ᠤᠨ ᠳᠤ ᠪᠤᠢ ᠪᠤᠯᠤᠭᠰᠠᠨ᠂ ᠨᠦᠬᠦᠴᠡᠯ ᠳᠤ ᠨᠡᠶᠢᠴᠡᠬᠦ 3 | ᠨᠠᠰᠤᠨ ᠠᠴᠠ ᠲᠤᠷᠤᠭᠰᠢᠬᠢ ᠨᠢᠯᠬ᠎ᠠ ᠬᠡᠤᠬᠡᠳ ᠢ ᠰᠠᠭᠠᠳᠠᠭᠤᠯᠤᠨ ᠠᠰᠠᠷᠠᠬᠤ᠂ ᠦᠷ᠎ᠡ ᠬᠡᠤᠬᠡᠳ ᠢ ᠰᠤᠷᠭᠠᠨ | ᠬᠦᠮᠦᠵᠢᠬᠦᠯᠬᠦ᠂ ᠦᠷᠬᠦᠯᠵᠢᠯᠡᠭᠰᠡᠨ ᠰᠤᠷᠭᠠᠨ ᠬᠦᠮᠦᠵᠢᠯ᠂ ᠬᠦᠨᠳᠤ ᠡᠪᠡᠳᠴᠢᠨ ᠤ ᠡᠮᠴᠢᠯᠡᠭᠡ᠂ ᠤᠷᠤᠨ | ᠰᠠᠭᠤᠴᠡ ᠶᠢᠨ ᠵᠢᠬᠡᠯᠡᠯᠬᠡ ᠶᠢᠨ ᠬᠦᠦ ᠮᠦᠡᠭᠬᠦ ᠪᠤᠶᠤ ᠤᠷᠤᠨ ᠰᠠᠭᠤᠴᠡ ᠶᠢᠨ ᠲᠦᠷᠢᠶᠡᠰᠦᠨ ᠮᠦᠡᠭᠬᠦ᠂ ᠨᠠᠰᠤᠳᠡᠨ ᠢ | ᠠᠰᠠᠷᠡᠨ ᠲᠡᠵᠢᠬᠡᠬᠦ ᠲᠤᠰᠬᠠᠢ ᠵᠦᠢᠯ ᠤᠨ ᠨᠡᠮᠡᠯᠳᠡ ᠰᠠᠭᠤᠳᠬᠠᠯ ᠪᠠᠶᠢᠪᠠᠯ ᠬᠤᠷᠢᠶᠠᠩᠭᠤᠶᠢᠯᠠᠨ ᠪᠤᠳᠤᠬᠤ ᠬᠤᠭᠤᠴᠠᠭᠠᠨ | ᠳᠤ ᠲᠠᠭᠯᠠᠨ ᠮᠡᠳᠡᠬᠦᠯᠬᠦ ᠪᠤᠶᠤ ᠨᠦᠬᠦᠪᠤᠷᠢᠯᠡᠨ ᠰᠠᠭᠤᠯᠭᠠᠵᠤ ᠪᠤᠯᠤᠨ᠎ᠡ᠃ | ᠡᠨᠡ ᠵᠢᠯ ᠠᠴᠠ ᠨᠠᠭᠠᠰᠢ᠂ ᠭᠠᠶᠢᠯᠢ ᠶᠢᠨ ᠶᠠᠪᠤᠳᠡᠯ ᠤᠨ ᠰᠠᠯᠠᠭ᠎ᠠ ᠮᠦᠴᠢᠷ ᠠᠴᠠ ᠬᠤᠪᠢ ᠬᠦᠮᠦᠨ ᠤ ᠠᠰᠢᠬ | ᠤᠯᠵᠠᠪᠤᠷᠢ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠤᠷᠤᠯᠭ᠎ᠠ ᠶᠢ ᠬᠠᠤᠯᠢ ᠶᠤᠰᠤᠭᠠᠷ ᠬᠤᠷᠢᠶᠠᠩᠭᠤᠶᠢᠯᠠᠨ | ᠪᠤᠳᠤᠵᠤ ᠢᠯᠭᠠᠷᠠᠭᠤᠯᠤᠨ ᠲᠤᠰᠢᠶᠠᠭᠰᠠᠨ ᠦᠬᠡᠢ ᠤᠯᠠᠨ ᠬᠡᠷᠡᠭ ᠢ ᠨᠡᠶᠢᠳᠡᠯᠡᠨ ᠮᠡᠳᠡᠭᠳᠡᠪᠡ᠃ 2023 ᠤᠨ ᠤ | ᠬᠤᠪᠢ ᠬᠦᠮᠦᠨ ᠤ ᠠᠰᠢᠭ ᠤᠯᠵᠠᠪᠤᠷᠢ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠤᠷᠤᠯᠭ᠎ᠠ ᠶᠢ | ᠬᠤᠷᠢᠶᠠᠩᠭᠤᠶᠢᠯᠠᠨ ᠪᠤᠳᠤᠬᠤ ᠠᠵᠢᠯ 6 ᠰᠠᠷ᠎ᠡ ᠶᠢᠨ ᠰᠡᠬᠦᠯᠴᠢ ᠳᠤ ᠲᠠᠭᠤᠰᠤᠨ᠎ᠡ᠃ ᠡᠮᠤᠨᠡᠬᠢ ᠵᠢᠯ ᠳᠤ | ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠶᠤᠰᠤᠳᠡᠢ ᠪᠠᠶᠢᠳᠠᠯ᠎ᠡ ᠬᠦᠢᠴᠡᠳᠬᠡᠭᠰᠡᠨ ᠦᠬᠡᠢ᠂ ᠭᠠᠶᠢᠯᠢ | ᠲᠤᠰᠢᠶᠠᠬᠤ ᠪᠠᠷ ᠮᠡᠳᠡᠬᠦᠯᠦᠭᠰᠡᠨ ᠨᠢ ᠵᠢᠷᠦᠮᠵᠢᠯ ᠦᠬᠡᠢ᠂ ᠭᠠᠶᠢᠯᠢ ᠲᠤᠰᠢᠶᠠᠬᠤ ᠶᠤᠰᠤᠳᠡᠢ ᠤᠷᠤᠯᠭ᠎ᠠ ᠤᠯᠤᠭᠠᠳ | ᠮᠡᠳᠡᠬᠦᠯᠦᠭᠰᠡᠨ ᠦᠬᠡᠢ ᠵᠡᠷᠬᠡ ᠪᠠᠶᠢᠳᠡᠯ ᠤᠷᠤᠰᠢᠵᠤ ᠪᠠᠶᠢᠬᠤ ᠡᠰᠡᠬᠦ ᠶᠢ ᠪᠠᠶᠢᠴᠠᠭᠠᠬᠤ ᠶᠢᠨ ᠬᠠᠮᠳᠤ ᠱᠠᠯᠠᠪᠳᠠᠨ | ᠨᠦᠬᠦᠪᠤᠷᠢᠯᠡᠵᠤ ᠵᠠᠯᠠᠷᠠᠭᠤᠯᠬᠤ ᠬᠡᠷᠡᠭᠳᠡᠢ᠃ | |