ᠯᠢᠨ ᠬᠠᠶ ᠵᠡᠭᠡᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠠᠬᠢᠭᠤᠯᠬᠤ ᠭᠤᠤᠯ ᠰᠡᠳᠦᠪᠲᠦ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2024/6/18
     ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠢᠨᠠᠭᠰᠢᠳᠠ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠬᠢᠯᠢ ᠬᠢᠵᠠᠭᠠᠷ ᠢ ᠲᠣᠭᠲᠠᠪᠤᠷᠢᠵᠢᠭᠤᠯᠬᠤ᠂ ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠰᠠᠬᠢᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠬᠤ ᠶᠢᠨ ᠲᠥᠯᠥᠭᠡ᠂ ᠥᠢᠷ᠎ᠠ ᠳᠤ᠂ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠭᠡᠷᠡᠭ ᠡᠷᠬᠢᠯᠡᠬᠦ ᠭᠠᠵᠠᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠠᠬᠢᠭᠤᠯᠬᠤ ᠨᠡᠶᠢᠭᠡᠮᠯᠢᠭ ᠤᠨ ᠬᠢᠨ ᠷᠠᠰᠢᠶᠠᠨ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ᠲᠠᠢ ᠬᠠᠮᠲᠤᠷᠠᠨ ᠬᠠᠷᠢᠶᠠᠳᠦ ᠤᠷᠤᠨ ᠤ ᠴᠡᠷᠢᠭ ᠤᠨ ᠬᠤᠸᠠᠷᠠᠨ ᠢᠶᠠᠷ ᠬᠦᠨᠵᠡᠭᠡᠶᠢᠷᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠠᠬᠢᠭᠤᠯᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ᠃      ᠲᠤᠰ ᠠᠵᠢᠯᠯᠠᠭ᠎ᠠ ᠨᠢ ᠡᠯ᠎ᠠ ᠦᠨᠳᠦᠰᠦᠳᠡᠨ ᠨᠦᠭᠦᠳ ᠤᠨ ᠤᠷᠠᠨ ᠰᠠᠶᠢᠬᠠᠨ ᠤ ᠳᠤᠬᠯᠠᠯᠳᠠ ᠶᠢᠨ ᠳᠤᠮᠳᠠ ᠬᠥᠰᠢᠭᠡ ᠪᠠᠨ ᠰᠡᠬᠦᠵᠦ᠂ ᠡᠯᠪᠡᠭ ᠪᠠᠶᠠᠯᠢᠬ ᠠᠭᠤᠯᠭ᠎ᠠ ᠲᠠᠢ ᠳᠠᠭᠤᠤ ᠪᠦᠵᠢᠭ ᠤᠨ ᠳᠤᠬᠯᠠᠯᠳᠠ ᠪᠠᠷ ᠳᠠᠮᠵᠢᠨ ᠬᠢᠯᠢ ᠶᠢᠨ ᠬᠠᠮᠠᠭᠠᠯᠠᠯᠲᠠ ᠶᠢᠨ ᠪᠠᠶᠢᠯᠳᠤᠭᠴᠢᠳ ᠤᠨ ᠤᠶᠤᠨ ᠤ ᠠᠮᠢᠳᠤᠷᠠᠯ ᠢ ᠪᠠᠶᠠᠯᠢᠬᠵᠢᠭᠤᠯᠵᠥ᠂ ᠳᠠᠷᠠᠭ᠎ᠠ ᠳᠤᠨᠢ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠠᠢ ᠬᠠᠮᠲᠤ ᠽᠦᠩᠽᠢ ᠪᠣᠭᠤᠵᠣ᠂ ᠴᠡᠷᠢᠭ ᠠᠷᠠᠳ ᠪᠦᠯᠬᠦᠮᠳᠡᠭᠰᠡᠨ ᠡᠶ᠎ᠡ ᠵᠣᠬᠢᠴᠠᠩᠭᠤᠢ ᠠᠭᠤᠷ ᠠᠮᠢᠰᠬᠤᠯ ᠢ ᠢᠯᠡᠷᠡᠬᠦᠯᠦᠭᠰᠡᠨ ᠪᠠᠶᠢᠨ᠎ᠠ᠃ ᠬᠢᠯᠢ ᠶᠢᠨ ᠬᠠᠮᠠᠭᠠᠯᠠᠯᠲᠠ ᠶᠢᠨ ᠪᠠᠶᠢᠯᠳᠤᠭᠴᠢᠳ ᠴᠤ ᠪᠦᠬᠦᠳᠡ ᠤᠯᠠᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ᠂ ᠪᠠᠭᠠᠲᠤᠷᠯᠢᠭ ᠦᠢᠯᠡ ᠶᠠᠪᠤᠳᠠᠯ ᠢ ᠤᠬᠠᠭᠤᠯᠤᠨ ᠲᠠᠶᠢᠯᠪᠤᠷᠢᠯᠠᠵᠤ᠂ ᠤᠯᠠᠨ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠲᠠᠢ ᠪᠣᠯᠭᠠᠵᠤ᠂ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠴᠢᠨᠠᠭᠰᠢᠳᠠ ᠬᠥᠮᠦᠵᠢᠭᠦᠯᠵᠦ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠬᠠᠯᠠᠭᠤᠨ ᠰᠡᠳᠭᠢᠯᠭᠡ ᠶᠢ ᠬᠥᠭᠵᠢᠭᠡᠵᠦ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠭᠢᠯᠭᠡ ᠶᠢ ᠨᠡᠮᠡᠭᠳᠡᠭᠦᠯᠪᠡ᠃      ᠲᠤᠰ ᠤᠳᠠᠭ᠎ᠠ ᠶᠢᠨ ᠠᠵᠢᠯᠯᠠᠭ᠎ᠠ ᠨᠢ ᠤᠯᠠᠨ ᠲᠦᠮᠡᠨ ᠤ ᠴᠡᠷᠢᠭ ᠤᠨ ᠬᠤᠸᠠᠷᠠᠨ ᠤ ᠰᠣᠶᠣᠯ ᠢ ᠣᠶᠢᠯᠠᠭᠠᠭᠤᠯᠵᠤ᠂ ᠤᠯᠤᠰ ᠣᠷᠣᠨ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠣᠷᠢᠭ ᠰᠠᠨᠠᠭ᠎ᠠ ᠶᠢ ᠰᠠᠨᠠᠭᠠᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠡᠢ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号