ᠢᠷᠪᠢᠰ ᠵᠡᠭᠡᠯᠢ ᠶᠢᠨ ᠨᠦ᠋ᠮᠦᠷᠭᠡᠨ ᠨᠡᠶᠢᠭᠡᠮ ᠲᠣᠭᠤᠷᠢᠭ  ᠴᠢᠰᠣ ᠬᠠᠨᠳᠢᠪᠯᠠᠬᠤ ᠣᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/19
     2024 ᠣᠨ ᠤ 6 ᠰᠠᠷ᠎ᠠ ᠶᠢᠨ 14 ᠤ ᠡᠳᠦᠷ ᠪᠣᠯ 21 ᠳᠠᠬᠢ ᠳᠡᠯᠡᠬᠡᠶ ᠶᠢᠨ ᠴᠢᠰᠤ ᠬᠠᠨᠳᠢᠪᠠᠯᠬᠤ ᠡᠳᠦᠷ ᠪᠣᠯᠤᠨ᠎ᠠ᠃ ᠥᠷᠭᠡᠨ ᠤᠯᠠᠨ ᠴᠢᠰᠤ  ᠬᠠᠨᠳᠢᠪᠯᠡᠬᠴᠢ ᠶᠢᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠳᠤ ᠲᠠᠯᠠᠷᠬᠠᠵᠤ᠂ ᠴᠢᠰᠤ ᠬᠠᠨᠳᠢᠪᠯᠡᠬᠴᠢ ᠶᠢᠨ ︽ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ᠂ ᠬᠠᠷᠠᠮ ᠦᠭᠡᠢ ᠵᠣᠷᠢᠭᠤᠯᠬᠤ᠂ ᠠᠮᠢ ᠨᠠᠰᠤ ᠶᠢ ᠠᠪᠣᠷᠡᠨ ᠲᠣᠰᠠᠯᠠᠬᠤ᠂  ᠲᠦᠭᠡᠮᠡᠯ ᠶᠡᠭᠡ ᠬᠠᠶᠢᠷ᠎ᠠ ᠲᠠᠢ︾ ᠪᠠᠶᠢᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠶᠢᠨ ᠲᠦᠯᠣᠭᠡ᠂ 6 ᠰᠠᠷ᠎ᠠ ᠶᠢᠨ 12 ᠤᠨ ᠦᠳᠡ ᠶᠢᠨ ᠡᠮᠦᠨ᠎ᠡ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦ᠋ᠮᠦᠷᠭᠡᠨ ᠨᠡᠶᠢᠭᠡᠮ ᠲᠣᠭᠤᠷᠢᠭ ︽ᠠᠮᠢ ᠨᠠᠰᠤᠨ ᠤ ᠤᠯᠠᠭᠠᠨ ᠦᠩᠭᠡ ᠶᠢ ᠭᠡᠷᠡᠯᠳᠦᠬᠦᠯᠵᠦ ᠴᠢᠰᠤ ᠬᠠᠨᠳᠢᠪᠯᠡᠬᠴᠢ ᠲᠤ ᠬᠦᠨᠳᠦᠳᠬᠡᠯ ᠳᠡᠪᠰᠢᠭᠦᠯᠬᠦ︾ ᠳᠡᠯᠡᠬᠡᠢ ᠶᠢᠨ ᠴᠢᠰᠤ ᠬᠠᠨᠳᠢᠪᠯᠡᠬᠴᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠡᠬᠤ ᠬᠠᠤᠯᠢ︾᠂ ᠳᠡᠯᠡᠬᠡᠶ ᠶᠢᠨ ᠴᠢᠰᠤ ᠬᠠᠨᠳᠢᠪᠯᠡᠬᠴᠢ ᠶᠢᠨ ᠡᠳᠦᠷ ᠤᠨ ᠢᠷᠡᠯᠲᠡ ᠵᠢᠴᠢ ᠴᠢᠰᠤ ᠬᠠᠨᠳᠢᠪᠯᠡᠬᠤ ᠦᠨᠳᠦᠰᠦᠨ ᠶᠠᠪᠤᠴᠠ᠂ ᠠᠩᠬᠠᠷᠬᠤ ᠵᠦᠢᠯ᠂ ᠦᠷᠭᠦᠯᠵᠢ ᠲᠣᠬᠢᠶᠠᠯᠳᠤᠬᠤ ᠴᠢᠰᠤ ᠬᠠᠨᠳᠢᠪᠯᠡᠬᠤ ᠠᠳᠡᠭᠦᠷᠡᠯ ᠤᠨ ᠣᠷᠣᠨ ᠵᠡᠷᠭᠡ ᠮᠡᠳᠡᠯᠭᠡ ᠶᠢ ᠲᠠᠶᠢᠯᠪᠤᠷᠢᠯᠠᠨ ᠥᠭᠴᠦ᠂ ᠡᠭᠦᠨ ᠤ ᠬᠠᠮᠲᠤ ︽ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠨ ᠴᠢᠬᠤᠯᠠᠳᠡᠢ ᠦᠶᠠᠰ ᠤᠷᠢᠳ ᠢᠶᠠᠷ ᠴᠢᠰᠤ ᠬᠡᠷᠡᠭᠯᠡᠬᠦ ᠡᠷᠭᠡ ᠲᠠᠢ᠂ ᠨᠢᠭᠡ ᠬᠥᠮᠦᠨ ᠴᠢᠰᠤ ᠬᠠᠨᠳᠢᠪᠯᠠᠪᠡᠯ ᠪᠥᠬᠦ ᠬᠡᠷ ᠢᠶᠠᠷ ᠢᠶᠠᠨ ᠠᠰᠢᠭ ᠭᠥᠷᠳᠡᠬᠦ︾ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠦ᠂ ᠴᠢᠰᠤ ᠬᠠᠨᠳᠢᠪᠯᠠᠭᠴᠢ ᠶᠢᠨ ᠨᠠᠰᠤ ᠵᠢᠯ᠂ ᠪᠡᠶ᠎ᠡ ᠶᠢᠨ ᠬᠦᠨᠳᠦ᠂ ᠡᠷᠡᠭᠦᠯ ᠮᠡᠨᠳᠦ ᠶᠢᠨ ᠪᠠᠶᠢᠳᠠᠯ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂ ᠰᠠᠭᠤᠭᠠᠯᠢ ᠠᠷᠠᠳ ᠤᠨ ᠬᠤᠯᠪᠣᠭᠳᠠᠯ ᠪᠥᠬᠦᠶ ᠠᠰᠠᠭᠤᠯᠲᠠ ᠳᠤ ᠬᠠᠷᠢᠭᠤᠯᠲᠠ ᠥᠭᠴᠦ᠂ ᠣᠯᠠᠨ ᠢᠶᠠᠷ ᠢᠶᠠᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠶᠢ ᠠᠩᠬᠠᠷᠤᠨ ᠲᠡᠭᠦᠨ ᠳᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠪᠠᠨ ᠡᠷᠭᠦᠬᠦ ᠶᠢ ᠵᠣᠷᠢᠭᠵᠢᠭᠤᠯᠪᠠ᠃ ᠣᠯᠠᠨ ᠢᠶᠠᠷ ᠢᠶᠠᠨ ᠶᠡᠭᠡ ᠣᠯᠤᠯᠲᠠ ᠲᠠᠢ ᠪᠠᠶᠢᠬᠤ ᠪᠠᠨ ᠢᠯᠡᠷᠬᠡᠶᠢᠯᠡᠵᠦ᠂ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠪᠣᠯ ᠨᠢᠭᠡ ᠵᠣᠶᠢᠯ ᠤᠨ ᠡᠷᠬᠢᠮ ᠳᠡᠭᠡᠳᠦ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠣᠶᠢᠯᠡᠰ ᠪᠣᠯᠬᠤ ᠪᠠᠷ ᠪᠠᠷᠠᠬᠤ ᠥᠬᠡᠶ᠂ ᠪᠠᠰᠠ ᠴᠤ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠠᠮᠢ ᠨᠠᠰᠤ ᠶᠢ ᠠᠪᠤᠷᠠᠬᠤ ᠶᠢᠨ ᠰᠠᠶᠢᠨ ᠶᠠᠪᠤᠳᠠᠯ ᠮᠥᠨ᠂ ᠬᠤᠶᠢᠰᠢᠳᠠ ᠴᠢᠰᠤ ᠬᠠᠨᠳᠢᠪᠯᠠᠵᠤ ᠪᠤᠰᠤᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠳᠡᠭ ᠢ ᠲᠠᠨᠢᠵᠤ ᠣᠯᠤᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠰᠠᠭᠤᠭᠠᠯᠢ ᠠᠷᠠᠳ ᠲᠤ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠡᠬᠤ ᠮᠡᠳᠡᠯᠭᠡ ᠪᠠ ᠠᠴᠢ ᠬᠤᠯᠪᠣᠭᠳᠠᠯ ᠢ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠰᠠᠭᠤᠭᠠᠯᠢ ᠠᠷᠠᠳ ᠤᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠡᠬᠤ ᠢᠳᠡᠪᠬᠢᠵᠢᠯ ᠢ ᠳᠡᠭᠡᠭᠰᠢᠯᠡᠭᠦᠯᠵᠦ᠂ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠠᠶ᠃ ᠵᠠᠯᠭᠠᠭᠠᠳ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠦᠨ᠎ᠡ ᠲᠥᠯᠥᠪᠦᠷᠢ ᠦᠭᠡᠶ ᠪᠠᠷ ᠴᠢᠰᠤ ᠬᠠᠨᠳᠢᠪᠯᠡᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠵᠥᠪᠰᠢᠶᠡᠷᠡᠯ ᠲᠠᠢ ᠪᠠᠶᠢᠳᠠᠯ ᠳᠣᠣᠷ᠎ᠠ ᠦᠨ᠎ᠡ ᠲᠥᠯᠥᠪᠦᠷᠢ ᠦᠭᠡᠶ ᠪᠠᠷ ᠴᠢᠰᠤ ᠬᠠᠨᠳᠢᠪᠯᠡᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠰᠠᠨᠠᠭᠠᠴᠢᠯᠠᠵᠤ᠂ ︽ᠦᠨ᠎ᠡ ᠲᠥᠯᠥᠪᠦᠷᠢ ᠦᠭᠡᠶ ᠪᠠᠷ ᠴᠢᠰᠤ ᠬᠠᠨᠳᠢᠪᠯᠡᠬᠤ ᠶᠠᠪᠤᠳᠠᠯ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾  ᠭᠡᠬᠦ ᠨᠡᠶᠢᠭᠡᠮ ᠤᠨ ᠠᠰᠠᠷᠠᠮᠵᠢ ᠶᠢᠨ ᠠᠭᠤᠷ ᠠᠮᠢᠰᠬᠤᠯ ᠢ ᠲᠠᠰᠤᠷᠠᠯᠲᠠ ᠦᠭᠡᠶ ᠪᠤᠶ ᠪᠣᠯᠭᠠᠨ᠎ᠠ᠃    
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号