ᠷᠠᠰᠢᠶᠠᠨ ᠬᠤᠲᠠ ᠲᠣᠬᠢᠷᠠᠭᠤᠯᠤᠯᠲᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 14 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ ᠤᠨ ︽ᠤᠯᠠᠭᠠᠨ ᠬᠡᠶᠢᠲᠦ ᠪᠥᠮᠪᠦᠭᠡ ᠶᠢᠨ ᠥᠷᠢᠰᠥᠯᠳᠦᠭᠡᠨ ᠤ ᠤᠷᠤᠯᠳᠤᠭᠠᠨ︾ ᠤ ᠷᠠᠰᠢᠶᠠᠨ ᠥᠷᠲᠡᠭᠡ ᠶᠢᠨ ᠪᠡᠯᠡᠳᠬᠡᠯ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠢᠯᠯᠠᠭ᠎ᠠ ᠶᠢᠨ ᠲᠥᠰᠦᠯ᠂ ᠡᠭᠦᠷᠭᠡ ᠶᠢᠨ ᠬᠤᠪᠢᠶᠠᠷᠢᠯᠠᠯ ᠵᠢᠴᠢ ᠡᠯ᠎ᠡ ᠲᠤᠰᠬᠠᠶ ᠳᠤᠭᠤᠶᠢᠯᠠᠩ ᠤᠨ ᠠᠵᠢᠯ ᠢ ᠠᠬᠢᠭᠤᠯᠤᠭᠰᠠᠨ ᠪᠠᠶᠢᠳᠠᠯ ᠢ ᠰᠤᠳᠤᠯᠤᠨ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠪᠠ᠃      ᠬᠤᠷᠠᠯ ᠠᠴᠠ᠂ ᠪᠦᠬᠦ ᠬᠤᠳᠠ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰ ᠤᠳᠠᠭ᠎ᠠ ᠶᠢᠨ ᠤᠷᠤᠯᠳᠤᠭᠠᠨ ᠤ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠤᠯᠠᠭᠠᠨ ᠬᠡᠶᠢᠲᠦ ᠪᠥᠮᠪᠦᠭᠡ ᠶᠢᠨ ᠥᠷᠢᠰᠥᠯᠳᠦᠭᠡᠨ ᠤ ᠤᠷᠤᠯᠳᠤᠭᠠᠨ︾ ᠠᠩᠬ᠎ᠠ ᠤᠳᠠᠭ᠎ᠠ ᠥᠪᠥᠷ ᠮᠣᠩᠭᠤᠯ ᠳᠤ ᠣᠷᠣᠵᠤ ᠢᠷᠡᠬᠦ ᠠᠵᠠ ᠲᠣᠬᠢᠶᠠᠯ ᠢ ᠠᠮᠵᠢᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠨᠠᠷᠢᠨ ᠨᠠᠶᠢᠳᠠᠪᠤᠷᠢᠵᠢᠭᠤᠯᠵᠤ᠂ ᠤᠷᠤᠯᠳᠤᠭᠠᠨ ᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠂ ᠥᠨᠳᠥᠷ ᠦᠷ᠎ᠡ ᠪᠦᠲᠦᠮᠵᠢ ᠲᠠᠢ ᠪᠠᠷ ᠰᠠᠶᠢᠲᠤᠷ ᠡᠷᠬᠢᠯᠡᠬᠦ ᠬᠡᠷᠡᠭᠲᠡᠢ᠃ ᠤᠬᠠᠭᠤᠯᠭ᠎ᠠ ᠶᠢᠨ ᠠᠵᠢᠯ ᠢ ᠤᠯᠠᠨ ᠲᠠᠯ᠎ᠠ ᠠᠴᠠ᠂ ᠤᠯᠠᠨ ᠲᠡᠰ ᠳᠠᠪᠬᠤᠷᠭ᠎ᠠ ᠠᠴᠠ ᠰᠠᠶᠢᠲᠤᠷ ᠬᠢᠵᠦ᠂ ᠤᠷᠤᠯᠳᠤᠭᠠᠨ ᠤ ᠠᠭᠤᠷ ᠠᠮᠢᠰᠬᠤᠯ ᠢ ᠪᠤᠢ ᠪᠣᠯᠭᠠᠬᠤ ᠪᠥᠭᠡᠳ ᠷᠠᠰᠢᠶᠠᠨ ᠤ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠵᠦ᠂ ᠤᠬᠠᠭᠤᠯᠭ᠎ᠠ ᠶᠢᠨ ᠠᠵᠢᠯ ᠢ ᠰᠢᠨ᠎ᠡ ᠶᠢ ᠡᠭᠦᠳᠴᠦ᠂ ᠦᠩᠬᠡ ᠭᠢᠯᠪᠠᠭ᠎ᠠ ᠶᠢ ᠲᠠᠲᠠᠵᠤ᠂ ᠨᠠᠷ᠎ᠡ ᠠᠯᠳᠡᠷᠰᠢᠭᠤᠯᠬᠤ ᠶᠢ ᠪᠡᠶᠡᠯᠡᠭᠦᠯᠬᠦ ᠬᠡᠷᠡᠭᠲᠡᠢ᠃ ᠲᠠᠯᠠᠪᠤᠷ ᠭᠠᠵᠠᠷ᠂ ᠢᠳᠡᠭᠡᠨ ᠤ ᠵᠣᠶᠢᠯ᠂ ᠵᠠᠮ ᠬᠠᠷᠢᠯᠴᠠᠭ᠎ᠠ᠂ ᠬᠤᠨᠤᠭ ᠪᠠᠭᠤᠳᠠᠯ᠂ ᠠᠮᠤᠷ ᠢ ᠬᠠᠮᠠᠭᠠᠯᠠᠬᠤ᠂ ᠠᠵᠢᠯᠲᠠᠨ ᠵᠡᠷᠭᠡ ᠡᠯ᠎ᠡ ᠠᠵᠢᠯ ᠢ ᠦᠨᠡᠨ ᠬᠦ ᠰᠠᠶᠢᠲᠤᠷ ᠬᠢᠵᠣ᠂ ᠰᠠᠭᠤᠷᠢ ᠲᠦᠬᠦᠭᠡᠷᠣᠮᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠵᠢᠴᠢ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠭᠡᠨᠡᠳᠲᠡ ᠶᠢᠨ ᠪᠠᠶᠢᠳᠠᠯ ᠢ ᠰᠤᠳᠤᠯᠤᠨ ᠮᠠᠭᠠᠳᠯᠠᠬᠤ ᠪᠠ ᠠᠷᠭᠠᠴᠠᠭᠠᠬᠤ ᠠᠵᠢᠯ ᠢ ᠴᠢᠩᠭᠠᠳᠬᠠᠨ᠂ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ᠂ ᠭᠤᠶᠢᠳᠠ ᠰᠠᠶᠢᠬᠠᠨ ᠲᠡᠭᠦᠰ ᠠᠮᠵᠢᠯᠲᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号