ᠷᠠᠰᠢᠶᠠᠨ ᠬᠤᠳᠠ ᠶᠢᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 17 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠨᠠᠮ ᠤᠨ ᠪᠠᠶᠢᠭᠤᠯᠤᠯᠲᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠯᠪᠣᠭᠳᠠᠯ ᠪᠥᠬᠦᠶ ᠬᠤᠲᠠ ᠶᠢᠨ ᠱᠠᠲᠤᠨ ᠤ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠦᠨᠡᠯᠡᠯᠲᠡ ᠬᠢᠪᠠ᠃      ᠬᠤᠷᠠᠯ ᠠᠴᠠ᠂ ᠪᠦᠬᠦ ᠬᠤᠲᠠ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠡᠪᠣᠷᠢᠵᠢᠭᠤᠯᠣᠨ᠂ ᠨᠠᠮ ᠤᠨ ᠪᠠᠶᠢᠭᠤᠯᠤᠯᠲᠠ ᠪᠠᠷ ᠲᠠᠶᠢᠴᠢᠯᠡᠨ ᠳᠠᠭᠠᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠳᠣᠷ ᠬᠢᠵᠦ ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ᠂ ᠬᠤᠳᠠ ᠶᠢᠨ ᠱᠠᠳᠣᠨ ᠤ ᠤᠳᠤᠷᠢᠳᠤᠯᠭ᠎ᠠ ᠲᠦᠷᠦᠭᠦᠯᠡᠨ ᠶᠡᠷᠦᠩᠬᠡᠢ ᠠᠵᠢᠯ ᠤᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠨ᠂ ᠵᠣᠷᠪᠣᠰ ᠬᠡᠰᠡᠭ ᠢ ᠤᠶᠠᠯᠳᠤᠭᠤᠯᠵᠤ᠂ ᠳᠡᠭᠡᠳᠦ ᠲᠤᠤᠷᠠᠳᠤ ᠱᠠᠳᠤ ᠶᠢ ᠨᠡᠪᠲᠡᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ᠂ ︽1+3︾ ᠠᠵᠢᠯ ᠢ ︽ᠡᠷᠬᠢᠨ ᠬᠠᠷᠠᠬᠤ︾ ᠠᠵᠢᠯ ᠢ ᠴᠡᠭᠴᠡᠯᠡᠨ ᠵᠠᠰᠠᠵᠤ᠂ ᠳᠡᠭᠡᠳᠦ ᠱᠠᠲᠤᠨ ᠤ ᠱᠠᠭᠠᠷᠳᠠᠯᠭ᠎ᠠ ᠶᠢ ᠬᠠᠷᠭᠤᠭᠤᠯᠤᠨ᠂ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠡᠷᠢᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠪᠠᠲᠤᠯᠠᠬᠤ ᠬᠡᠷᠡᠭᠲᠡᠢ᠃ ᠬᠠᠷᠠᠯᠲᠠ ᠶᠢᠨ ᠤᠳᠤᠷᠢᠳᠤᠮᠵᠢ ᠪᠠ ᠦᠷ᠎ᠡ ᠳ᠋ᠦᠩ ᠤᠨ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠨ᠂ ᠬᠡᠯᠪᠡᠷᠢᠴᠢ ᠦᠵᠡᠯ ᠢ ᠡᠷᠡᠰ ᠬᠤᠷᠢᠭᠯᠠᠵᠤ᠂ ︽1+3︾ ᠶᠢᠨ ᠠᠵᠢᠯ ᠤᠨ ᠦᠷ᠎ᠡ ᠪᠦᠲᠦᠭᠡᠯ ᠢ ᠦᠨᠡᠨ ᠬᠦ ᠬᠥᠭᠵᠢᠯᠲᠡ ᠳᠤ ᠬᠦᠴᠦ ᠨᠡᠮᠡᠷᠢᠯᠡᠨ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠲᠡᠷᠢᠭᠦᠨ ᠤ ᠨᠡᠶᠢᠲᠡᠯᠢᠭ ᠵᠢᠱᠢᠶᠠᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠳ᠋ᠦᠩᠨᠡᠵᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠪᠠᠯᠭᠠᠰᠤ ᠵᠡᠭᠡᠯᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ︽ ᠵᠢᠭᠤᠯᠴᠢᠯᠠᠯ ᠢᠶᠠᠷ ᠭᠤᠣᠯ ᠪᠣᠯᠭᠠᠵᠤ᠂ ᠵᠢᠭᠤᠯᠴᠢᠯᠠᠯ ᠳᠤ ᠦᠢᠯᠡᠴᠢᠯᠡᠬᠦ︾ ᠶᠢ ᠪᠠᠷᠢᠮᠲᠠᠯᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠠᠭᠤᠰᠤᠯᠴᠠᠨ ᠬᠥᠭᠵᠢᠬᠦᠯᠵᠤ᠂ ᠵᠢᠭᠤᠯᠴᠢᠯᠠᠯ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠵᠠᠬᠢᠳᠠᠯ ᠰᠤᠷᠪᠤᠯᠵᠢᠯᠠᠯ ᠢᠶᠠᠷ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠳᠠ ᠶᠢᠨ ᠤᠳᠤᠷᠢᠳᠤᠯᠭ᠎ᠠ ᠸᠠᠩ ᠲᠢᠶᠠᠨ ᠹᠧᠩ᠂ ᠬᠠᠨ ᠴᠠᠩ ᠵᠢᠣ᠂ ᠶᠠᠨ ᠮᠤᠤ ᠯᠢᠨ᠂ ᠲᠠᠢ ᠬᠠᠢ ᠹᠧᠩ᠂ ᠯᠦ ᠴᠢ ᠭᠦᠸᠧ ᠵᠢᠴᠢ ᠡᠯ᠎ᠡ ᠪᠠᠯᠭᠠᠰᠤ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号