ᠬᠤᠳᠡ ᠶᠢᠨ ᠲᠠᠷᠤᠭ᠎ᠠ ᠸᠠᠩ ᠰᠢᠶᠤᠤ ᠬᠤᠸᠠᠨ 2024 ᠣᠨ ᠤ ᠷᠠᠰᠢᠶᠠᠨ ᠬᠤᠳᠠ ᠶᠢᠨ ᠬᠤᠳᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 17 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂  ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠸᠠᠩ ᠰᠢᠶᠤᠤ ᠬᠤᠸᠠᠨ 2024 ᠣᠨ ᠤ ᠷᠠᠰᠢᠶᠠᠨ ᠬᠤᠲᠠ ᠶᠢᠨ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠶᠠ ᠹᠦ᠋ ᠺᠠᠩ ᠶᠠᠩ᠂ ᠦᠵᠡᠮᠵᠢ ᠶᠢᠨ ᠣᠷᠣᠨ ᠳᠠᠬᠢ ᠲᠣᠮᠢᠯᠠᠭᠰᠠᠨ ᠰᠠᠯᠪᠤᠷᠢ᠂ ᠪᠠᠭᠤᠳᠠᠯ ᠤᠨ ᠭᠠᠳᠠᠷ  ᠲᠠᠯ᠎ᠠ ᠶᠢᠨ ᠥᠭᠡᠷᠡᠴᠢᠯᠡᠯᠲᠡ ᠵᠡᠷᠭᠡ ᠲᠥᠷᠥᠯ ᠵᠣᠶᠢᠯ ᠤᠨ ᠲᠥᠯᠥᠪᠵᠢᠭᠦᠯᠭᠡ ᠶᠢᠨ ᠲᠥᠰᠦᠯ ᠢ ᠰᠤᠳᠤᠯᠤᠨ ᠬᠢᠨᠠᠨ ᠵᠥᠪᠯᠡᠪᠡ᠃      ᠸᠠᠩ ᠰᠢᠶᠤᠤ ᠬᠤᠸᠠᠨ᠂ ᠡᠯ᠎ᠡ ᠪᠦᠷᠢᠯᠳᠦᠬᠦᠨ ᠨᠢᠭᠡᠴᠢ ᠪᠣᠯᠤᠨ ᠲᠥᠷᠥᠯ ᠵᠣᠶᠢᠯ ᠤᠨ ᠥᠮᠴᠢᠲᠡᠨ ᠨᠢᠭᠡᠴᠢ ᠬᠤᠷᠠᠯ ᠤᠨ ᠶᠠᠪᠤᠴᠠ ᠳᠤ ᠳᠤᠷᠠᠳᠤᠭᠰᠠᠨ ᠰᠠᠨᠠᠭᠤᠯᠭ᠎ᠠ ᠶᠢ ᠬᠦᠢᠴᠡᠳ ᠰᠢᠩᠭᠡᠭᠡᠨ ᠠᠪᠴᠤ᠂ ᠲᠥᠷᠥᠯ ᠵᠣᠶᠢᠯ ᠤᠨ ᠲᠥᠯᠥᠪᠵᠢᠭᠦᠯᠭᠡ ᠶᠢᠨ ᠲᠥᠰᠦᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠳᠠᠬᠢᠨ ᠳᠠᠪᠲᠠᠨ ᠨᠤᠲᠠᠯᠠᠯᠲᠠ ᠬᠢᠵᠦ᠂ ᠲᠠᠰᠤᠷᠠᠯᠲᠠ ᠥᠬᠡᠶ ᠰᠢᠯᠢᠳᠡᠭᠵᠢᠭᠦᠯᠵᠦ᠂ ᠡᠯ᠎ᠡ ᠲᠥᠷᠥᠯ ᠵᠣᠶᠢᠯ ᠤᠨ ᠲᠥᠯᠥᠪᠵᠢᠭᠦᠯᠭᠡ ᠶᠢᠨ ᠲᠥᠰᠦᠯ ᠤᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠬᠤ ᠶᠢ ᠪᠠᠲᠤᠯᠠᠬᠤ ᠬᠡᠷᠡᠭᠲᠡᠶ᠃ ᠬᠤᠲᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠭᠠᠵᠠᠷ ᠰᠢᠷᠣᠶ᠂ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠯ   ᠢ ᠰᠠᠷᠭᠡᠶᠢᠯᠡᠨ ᠤᠨᠲᠠᠷᠠᠭᠠᠬᠤ ᠵᠡᠷᠭᠡ ᠡᠯ᠎ᠡ ᠬᠦᠴᠦᠨ ᠵᠣᠶᠢᠯ ᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠰᠢᠷᠣᠶ ᠶᠢᠨ ᠡᠬᠢ ᠪᠠᠶᠠᠯᠢᠭ᠂ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠪᠣᠯᠣᠨ ᠵᠠᠮ ᠬᠠᠷᠢᠯᠴᠠᠭ᠎ᠠ᠂ ᠠᠷᠠᠳ ᠲᠤ ᠲᠥᠬᠦᠮ ᠦᠵᠡᠭᠦᠯᠬᠦ ᠣᠶᠢᠯᠡᠴᠢᠯᠡᠭᠡ᠂ ᠰᠠᠭᠤᠷᠢ ᠲᠦᠬᠦᠭᠡᠷᠣᠮᠵᠢ ᠵᠡᠷᠭᠡ ᠶᠢᠨ ᠪᠠᠶᠢᠷᠢᠰᠢᠭᠤᠯᠤᠯᠲᠠ ᠵᠠᠷᠭᠡ ᠠᠵᠢᠯ ᠢ ᠰᠠᠶᠢᠲᠤᠷ ᠵᠣᠯᠭᠠᠭᠤᠯᠵᠤ᠂ ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠪᠠ ᠬᠡᠯᠪᠡᠷᠢ ᠪᠠᠶᠢᠳᠠᠯ ᠤᠨ ᠴᠢᠳᠠᠮᠵᠢ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ᠃ ᠬᠠᠷᠢᠯᠴᠠᠨ ᠨᠡᠪᠲᠡᠷᠡᠯᠴᠡᠬᠦ ᠪᠠ ᠬᠠᠷᠢᠯᠴᠠᠨ ᠬᠠᠮᠵᠢᠯᠴᠠᠬᠤ ᠠᠵᠢᠯ ᠢᠶᠠᠨ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠲᠥᠯᠥᠪᠵᠢᠭᠦᠯᠭᠡ ᠶᠢᠨ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠬᠠᠩᠭᠠᠬᠤ ᠬᠡᠷᠡᠭᠲᠡᠢ ᠭᠡᠵᠣ ᠴᠢᠬᠤᠯᠠᠴᠢᠯᠠᠵᠡᠢ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号