ᠷᠠᠰᠢᠶᠠᠨ ᠬᠤᠳᠠ ᠶᠢᠨ ᠮᠢᠩ ᠱᠦᠢ ᠾᠧ ᠪᠠᠯᠭᠠᠰᠤᠨ ᠤ ᠰᠤᠯᠠ ᠠᠵᠢᠯ ᠤᠯᠭᠤᠬᠤ ᠦᠷᠳᠡᠭᠡ ᠤᠯᠠᠨ ᠲᠦᠮᠡᠨ ᠳᠤ ᠠᠵᠢᠯ ᠤᠯᠭᠤᠬᠤ ᠲᠠᠪᠴᠠᠩ ᠬᠠᠩᠭᠠᠨ ᠦᠭᠴᠤ ᠪᠤᠢ
ᠨᠡᠶᠢᠲᠡᠯᠡᠭᠰᠡᠨ ᠴᠠᠭ᠄
2024/6/19
     ︽ᠡᠮᠤᠨ᠎ᠠ ᠳᠡᠭᠡᠨ ᠭᠠᠳᠠᠨ᠎ᠠ ᠭᠠᠷᠴᠤ ᠰᠤᠯᠠ ᠠᠵᠢᠯ ᠡᠷᠢᠬᠦ ᠳᠤ ᠬᠠᠮᠢᠭ᠎ᠠ ᠠᠵᠢᠯᠴᠢᠨ ᠤᠷᠢᠵᠤ ᠪᠠᠶᠢᠬᠤ ᠶᠢ ᠮᠡᠳᠡᠬᠦ ᠦᠭᠡᠢ᠂ ᠤᠳᠤᠬᠠᠨ ᠳᠤ ︿ᠰᠤᠯᠠ ᠠᠵᠢᠯ ᠤᠯᠭᠤᠬᠤ ᠦᠷᠳᠡᠭᠡ﹀ ᠳᠤ ᠬᠦᠷᠪᠡᠯ ᠬᠦᠮᠤᠨ ᠬᠡᠷᠡᠭᠰᠡᠬᠦ ᠰᠤᠷᠠᠭ ᠵᠠᠩᠬᠢ ᠤᠯᠠᠨ ᠪᠠᠶᠢᠵᠤ᠂ ᠠᠵᠢᠯ ᠡᠷᠢᠬᠦ ᠳᠤ ᠠᠮᠠᠷᠬᠠᠨ ᠪᠤᠯᠵᠠᠢ︾ ᠭᠡᠵᠤ ᠷᠠᠰᠢᠶᠠᠨ ᠬᠤᠳᠠ ᠶᠢᠨ ᠮᠢᠩ ᠱᠦᠢ ᠾᠧ ᠪᠠᠯᠭᠠᠰᠤᠨ ᠤ ᠮᠢᠩ ᠱᠦᠢ ᠾᠧ ᠨᠡᠶᠢᠭᠡᠮ ᠲᠤᠭᠤᠷᠢᠭ ᠤᠨ ︽ᠰᠤᠯᠠ ᠠᠵᠢᠯ ᠤᠯᠭᠤᠬᠤ ᠦᠷᠳᠡᠭᠡᠨ︾ ᠳᠤ ᠠᠵᠢᠯ ᠡᠷᠢᠬᠦ ᠪᠠᠷ ᠢᠷᠡᠭᠰᠡᠨ ᠰᠠᠭᠤᠭᠠᠯᠢ ᠠᠷᠠᠳ ᠶᠠᠷᠢᠨ᠎ᠠ᠃      2023 ᠤᠨ ᠠᠴᠠ ᠨᠠᠭᠠᠰᠢ᠂ ᠮᠢᠩ ᠱᠦᠢ ᠾᠧ ᠪᠠᠯᠭᠠᠰᠤ ᠨᠢ ︽ᠲᠤᠭᠳᠠᠭᠤᠨ ᠢᠶᠠᠷ ᠠᠵᠢᠯ ᠤᠯᠭᠤᠨ᠂ ᠠᠷᠠᠳ ᠤᠨ ᠠᠮᠢᠳᠤᠷᠠᠯ ᠢ ᠪᠠᠳᠤᠯᠠᠬᠤ︾ ᠡᠨᠡᠬᠦ ᠰᠢᠵᠢᠮ ᠢᠶᠠᠷ ᠠᠮᠢᠳᠤᠯᠢᠭ ᠢᠶᠠᠷ ᠠᠵᠢᠯ ᠤᠯᠬᠤ ᠬᠦᠮᠤᠰ᠂ ᠠᠵᠢᠯ ᠤᠯᠬᠤ ᠳᠤ ᠬᠦᠴᠢᠷᠳᠠᠯᠳᠠᠢ ᠬᠦᠮᠤᠰ ᠵᠡᠷᠭᠡ ᠭᠤᠥᠯᠳᠠᠯᠭ᠎ᠠ ᠲᠠᠢ ᠤᠯᠠᠨ ᠲᠦᠮᠡᠨ ᠳᠤ ᠲᠦᠪᠯᠡᠷᠡᠬᠦᠯᠤᠨ᠂ ᠮᠢᠩ ᠱᠦᠢ ᠾᠧ ᠨᠡᠶᠢᠭᠡᠮ ᠲᠤᠭᠤᠷᠢᠭ ᠪᠠ ᠰᠢ ᠺᠸᠥ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠠᠴᠠ ᠲᠤᠰ ᠪᠦᠷᠢ ᠲᠦᠪᠯᠡᠷᠡᠬᠦᠯᠤᠨ ᠤᠬᠠᠭᠤᠯᠭ᠎ᠠ ᠬᠢᠬᠦ᠂ ᠦᠢᠯᠡᠰ ᠪᠤᠰᠬᠠᠬᠤ ᠦᠢᠯᠡᠴᠢᠯᠡᠭᠡ ᠬᠠᠩᠭᠠᠬᠤ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠵᠡᠷᠭᠡ ᠨᠢᠭᠡ ᠴᠤᠭᠴᠠᠵᠢᠭᠰᠠᠨ ︽ᠰᠤᠯᠠ ᠠᠵᠢᠯ ᠤᠯᠭᠤᠬᠤ ᠦᠷᠳᠡᠭᠡ︾ ᠶᠢ ᠪᠠᠶᠢᠭᠤᠯᠪᠠ᠃      ︽ᠰᠤᠯᠠ ᠠᠵᠢᠯ ᠤᠯᠭᠤᠬᠤ ᠦᠷᠳᠡᠭᠡ︾ ᠳᠤ ᠰᠤᠷᠠᠭ ᠵᠠᠩᠬᠢ ᠨᠡᠶᠢᠳᠡᠯᠡᠬᠦ᠂ ᠰᠤᠯᠢᠯᠴᠠᠭ᠎ᠠ ᠬᠢᠬᠦ᠂ ᠠᠵᠢᠯᠴᠢᠨ ᠤᠷᠢᠬᠤ ᠤᠷᠤᠨ ᠲᠤᠭᠤᠷᠢᠭ ᠢ ᠲᠤᠬᠢᠷᠠᠭᠤᠯᠵᠤ᠂ ᠰᠤᠷᠠᠭ ᠵᠠᠩᠬᠢ ᠶᠢᠨ ᠠᠰᠠᠭᠤᠨ ᠰᠤᠷᠬᠤ᠂ ᠬᠠᠯᠠᠭᠤᠨ ᠤᠰᠤ ᠬᠠᠩᠭᠠᠬᠤ᠂ ᠲᠦᠷ ᠵᠠᠭᠤᠷ᠎ᠠ ᠠᠮᠠᠷᠠᠬᠤ ᠵᠡᠷᠭᠡ ᠦᠢᠯᠡᠴᠢᠯᠡᠭᠡ ᠪᠠᠷ ᠰᠠᠭᠤᠭᠠᠯᠢ ᠠᠷᠠᠳ ᠲᠤ ᠠᠮᠠᠷᠠᠬᠤ ᠭᠠᠵᠠᠷ᠂ ᠠᠵᠢᠯ ᠤᠯᠬᠤ ᠠᠵᠠ ᠲᠤᠬᠢᠶᠠᠯ ᠬᠠᠩᠭᠠᠨ ᠦᠭᠴᠠᠢ᠃      ︽ᠰᠤᠯᠠ ᠠᠵᠢᠯ ᠤᠯᠭᠤᠬᠤ ᠦᠷᠳᠡᠭᠡ︾ ᠨᠢ ᠠᠵᠢᠯ ᠤᠯᠬᠤ ᠡᠬᠢ ᠪᠠᠶᠠᠯᠢᠭ ᠢ ᠨᠡᠶᠢᠯᠡᠬᠦᠯᠬᠦ ᠪᠠᠷ ᠲᠠᠮᠵᠢᠨ᠂ ᠠᠵᠢᠯ ᠤᠯᠬᠤ ᠨᠦᠬᠦᠴᠠᠯ ᠢ ᠨᠡᠶᠢᠳᠠ ᠳᠤ ᠵᠠᠷᠯᠠᠬᠤ ᠶᠢᠨ ᠬᠠᠮᠳᠤ᠂ ᠰᠦᠯᠵᠢᠶᠠᠨ ᠲᠡᠭᠡᠷ᠎ᠠ ᠪᠠ ᠪᠤᠳᠠᠳᠠᠢ ᠳᠤ ᠲᠠᠨᠢᠯᠴᠠᠭᠤᠯᠬᠤ ᠪᠠᠷ ᠠᠵᠢᠯᠴᠢᠨ ᠡᠯᠰᠡᠬᠦ ᠨᠢᠭᠡᠴᠢ ᠪᠠ ᠠᠵᠢᠯ ᠡᠷᠢᠭᠰᠡᠳ ᠢ ᠪᠦᠳᠤᠮᠵᠢᠳᠠᠢ ᠵᠤᠯᠭᠠᠭᠤᠯᠪᠠ᠃      ᠡ᠊ᠨᠠ ᠵᠢᠯ ᠠᠴᠠ ᠨᠠᠭᠠᠰᠢ᠂ ᠮᠢᠩ ᠱᠦᠢ ᠾᠧ ᠪᠠᠯᠭᠠᠰᠤ ᠨᠡᠶᠢᠳᠠ 43 ᠵᠤᠷᠪᠤᠰ ᠰᠤᠷᠠᠭ ᠵᠠᠩᠬᠢ ᠨᠡᠶᠢᠳᠠᠯᠡᠨ᠂ 34 ᠠᠵᠢᠯ ᠤᠨ ᠪᠠᠶᠢᠷᠢ ᠬᠠᠩᠭᠠᠵᠤ᠂ ᠰᠤᠯᠠ ᠠᠵᠢᠯ ᠡᠷᠢᠬᠦ ᠰᠤᠷᠠᠭ ᠵᠠᠩᠬᠢ 35 ᠵᠤᠷᠪᠤᠰ ᠴᠤᠭᠯᠠᠭᠤᠯᠵᠤ᠂ 13 ᠬᠦᠮᠤᠨ ᠤ ᠲᠦᠷ ᠴᠠᠭ ᠤᠨ ᠠᠵᠢᠯ ᠤᠯᠬᠤ ᠠᠰᠠᠭᠤᠳᠠᠯ ᠢ ᠰᠶᠢᠳᠪᠤᠷᠢᠯᠡᠪᠠ᠃︵ᠰᠤᠨᠢᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号