【 ᠦᠰᠦᠭ ᠪᠢᠴᠢᠭ ᠢᠶᠠᠷ ᠦᠬᠦᠯᠡᠬᠦᠢ 】 ᠷᠠᠰᠢᠶᠠᠨ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ︵2024 ᠣᠨ ᠤ ᠬᠡᠪᠯᠡᠯ︶
ᠨᠡᠶᠢᠲᠡᠯᠡᠭᠰᠡᠨ ᠴᠠᠭ᠄
2024/6/19
     ᠨᠢᠭᠡ᠂ ︽ᠨᠠᠷᠢᠨ ᠳᠠᠩᠰᠠ︾ ᠶᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠤᠶ      ᠵᠠᠰᠠᠭ ᠵᠠᠬᠢᠷᠭᠠᠨ ᠤ ᠵᠥᠪᠰᠢᠶᠡᠷᠡᠯ ᠪᠣᠯ ᠵᠠᠰᠠᠭ ᠤᠨ ᠣᠷᠳᠣᠨ ᠠᠴᠠ ᠠᠵᠤ ᠠᠬᠤᠶ ᠨᠡᠶᠢᠭᠡᠮ ᠤᠨ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠴᠢᠬᠤᠯᠠ ᠠᠷᠭ᠎ᠠ ᠪᠠᠷᠢᠯ ᠮᠥᠨ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ︽ᠲᠠᠯᠪᠢᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠲᠣᠳᠣᠷᠬᠠᠶ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ ᠬᠢᠨᠠᠨ ᠵᠥᠪᠰᠢᠶᠡᠷᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠠᠰᠢᠭᠲᠠᠶ ᠪᠠᠶᠢᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ 2023 ᠣᠨ ᠤ 12 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ︵2023 ᠣᠨ ᠤ ᠬᠡᠪᠯᠡᠯ︶ ᠶᠢᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2023 ︺ 83 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠮᠡᠳᠡᠭᠳᠡᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠮᠠᠨ ᠤ ᠬᠤᠲᠠ ᠳᠡᠭᠡᠳᠦ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠭᠰᠠᠨ ᠵᠡᠷᠭᠡ ᠪᠠᠶᠢᠳᠠᠯ ᠲᠠᠢ ᠤᠶᠠᠯᠳᠤᠭᠤᠯᠤᠨ ᠲᠣᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠷᠠᠰᠢᠶᠠᠨ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠪᠡ᠃      ᠬᠤᠶᠠᠷ᠂ ︽ᠨᠠᠷᠢᠨ ᠲᠠᠩᠰᠠ︾ ᠶᠢ ᠡᠮᠬᠢᠯᠡᠨ ᠳᠢᠭᠯᠡᠬᠦ ᠶᠠᠪᠤᠴᠠ ᠳᠤ ᠶᠠᠮᠠᠷ ᠶᠠᠮᠠᠷ ᠶᠠᠪᠤᠴᠠ ᠪᠠᠶᠢᠬᠤ ᠪᠣᠶ︖      ᠷᠠᠰᠢᠶᠠᠨ ᠤ ᠬᠤᠲᠠ ᠶᠢᠨ ᠶᠠᠪᠤᠳᠠᠯ ᠤᠨ ᠣᠶᠢᠯᠡᠴᠢᠯᠡᠭᠡᠨ ᠤ ᠲᠣᠪᠴᠢᠶ᠎ᠠ ︽ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ︵2024 ᠣᠨ ᠤ ᠬᠡᠪᠯᠡᠯ︶︾ ᠶᠢᠨ ᠰᠠᠭᠤᠷᠢᠨ ᠳᠡᠭᠡᠷ᠎ᠡ᠂ ᠬᠤᠲᠠ ᠶᠢᠨ ᠱᠠᠲᠤᠨ ᠤ ᠬᠡᠷᠡᠭᠵᠢᠭᠦᠯᠵᠦ ᠪᠠᠶᠢᠭ᠎ᠠ ᠵᠥᠪᠰᠢᠶᠡᠷᠡᠯ ᠤᠨ ᠭᠡᠷᠡᠭ ᠶᠠᠪᠣᠳᠡᠯ ᠢ ᠰᠠᠯᠭᠠᠵᠤ᠂ ︽ᠷᠠᠰᠢᠶᠠᠨ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ︵2024 ᠣᠨ ᠤ ᠬᠡᠪᠯᠡᠯ︶︾ ︵ᠰᠠᠨᠠᠯ ᠬᠤᠷᠢᠶᠠᠬᠤ ᠨᠣᠤᠷᠠᠭ︶ ᠢ ᠲᠤᠭᠤᠷᠪᠢᠵᠡᠢ  ᠃      ᠪᠥᠬᠦ ᠬᠤᠲᠠ ᠶᠢᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠰᠠᠨᠠᠯ ᠬᠤᠷᠢᠶᠠᠵᠤ᠂ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠬᠡᠷᠡᠭᠵᠢᠭᠦᠯᠬᠦ ᠪᠠᠶᠢᠭᠤᠯᠭ᠎ᠠ ᠵᠡᠷᠭᠡ ᠬᠤᠯᠪᠣᠭᠳᠠᠯ ᠪᠥᠬᠦᠶ ᠠᠭᠤᠯᠭ᠎ᠠ ᠶᠢ ᠲᠣᠳᠣᠷᠬᠠᠶ ᠲᠣᠭᠲᠠᠭᠠᠪᠠ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠬᠠᠤᠯᠢ ᠶᠣᠰᠣᠨ ᠤ ᠬᠢᠨᠠᠨ ᠪᠠᠶᠢᠴᠠᠭᠠᠯᠲᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠷᠠᠰᠢᠶᠠᠨ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ︵2024 ᠣᠨ ᠤ ᠬᠡᠪᠯᠡᠯ︶︾  ᠶᠢ ᠳᠠᠷᠤᠮᠠᠯᠯᠠᠨ ᠲᠠᠷᠬᠠᠭᠠᠪᠠ᠃      ᠭᠤᠷᠪᠠ᠂ ︽ᠨᠠᠷᠢᠨ ᠲᠠᠩᠰᠠ︾ ᠳᠤ ᠭᠤᠣᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠤᠢ︖      ᠨᠢᠭᠡ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ  ᠵᠠᠰᠠᠭ ᠵᠠᠬᠢᠷᠭᠠᠨ ᠤ ᠵᠦᠪᠰᠢᠶᠠᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ᠨᠡᠶᠢᠲᠡ 233 ᠵᠣᠶᠢᠯ ᠢ ᠪᠠᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠣᠶᠢᠯᠡᠴᠢᠯᠡᠭᠡᠨ ᠤ ᠲᠣᠪᠴᠢᠶ᠎ᠠ ᠠᠴᠠ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠶᠢ ᠵᠣᠬᠢᠶᠠᠨ ᠪᠠᠶᠢᠭᠤᠯᠵᠤ ᠡᠮᠬᠢᠯᠡᠨ ᠨᠠᠶᠢᠷᠠᠭᠤᠯᠤᠨ ᠵᠣᠬᠢᠶᠠᠭᠰᠠᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ‍ᠤᠨ‌‍ᠭᠡᠷᠡᠭ ᠶᠠᠪᠣᠳᠡᠯ ᠤᠨ ᠨᠠᠷᠢᠨ ᠲᠠᠩᠰᠠ ᠶᠢ ᠡᠮᠬᠢᠯᠡᠨ ᠳᠢᠭᠯᠡᠨ᠎ᠠ᠃ ᠬᠤᠶᠠᠷ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠨᠡᠶᠢᠲᠡ 8 ᠵᠣᠶᠢᠯ ᠢ ᠪᠠᠭᠲᠠᠭᠠᠵᠤ᠂ ᠨᠠᠷᠢᠨ ᠲᠠᠩᠰᠠ ᠶᠢᠨ ᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠣᠶᠢᠯᠡᠴᠢᠯᠡᠭᠡᠨ ᠤ ᠲᠣᠪᠴᠢᠶ᠎ᠠ ᠶᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠦᠨᠳᠦᠰᠦᠯᠡᠨ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ᠪᠣᠯᠣᠨ᠎ᠠ᠃      ᠲᠦᠷᠪᠡ᠂ ︽ᠨᠠᠷᠢᠨ ᠲᠠᠩᠰᠠ︾ ᠶᠢ ᠨᠠᠶᠢᠷᠠᠭᠤᠯᠤᠨ ᠵᠣᠬᠢᠶᠠᠬᠤ ᠨᠢ ᠶᠠᠮᠠᠷ ᠶᠠᠮᠠᠷ ᠴᠢᠬᠤᠯᠠ ᠠᠴᠢ ᠬᠤᠯᠪᠣᠭᠳᠠᠯ ᠲᠠᠢ ᠪᠤᠢ︖      ᠨᠢᠭᠡ ᠳᠤ᠂ ︽ᠨᠠᠷᠢᠨ ᠲᠠᠩᠰᠠ︾ ᠪᠣᠯ ᠷᠠᠰᠢᠶᠠᠨ ᠬᠤᠲᠠ ᠶᠢᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠦᠨᠳᠦᠰᠦᠯᠡᠯ ᠮᠥᠨ᠂ ᠨᠠᠷᠢᠨ ᠲᠠᠩᠰᠠ ᠠᠴᠠ ᠭᠠᠳᠠᠨ᠎ᠠ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠥᠬᠡᠶ᠃      ᠬᠤᠶᠠᠷ ᠲᠤ᠂ ︽ᠨᠠᠷᠢᠨ ᠲᠠᠩᠰᠠ︾ ᠪᠣᠯ ᠷᠠᠰᠢᠶᠠᠨ ᠬᠤᠲᠠ ᠶᠢᠨ ᠡᠯ᠎ᠡ ᠱᠠᠲᠤᠨ ᠤ ᠰᠠᠯᠠᠭ᠎ᠠ ᠮᠥᠴᠢᠷ ᠤᠨ ᠲᠣᠰ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠢ ᠢᠯᠭᠠᠨ ᠲᠠᠨᠢᠬᠤ ᠶᠢᠨ ᠦᠨᠳᠦᠰᠦᠯᠡᠯ ᠮᠥᠨ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ᠤᠨ ᠨᠠᠷᠢᠨ ᠲᠠᠩᠰᠠ ᠨᠢ ︽ᠨᠠᠷᠢᠨ ᠲᠠᠩᠰᠠ︾ ᠶᠢᠨ ᠬᠡᠪᠴᠢᠶ᠎ᠡ ᠠᠴᠠ ᠬᠡᠲᠦᠷᠡᠵᠦ ᠪᠣᠯᠬᠤ ᠥᠬᠡᠶ᠃      ᠭᠤᠷᠪᠠ ᠳᠤ᠂ ︽ᠨᠠᠷᠢᠨ ᠲᠠᠩᠰᠠ︾ ᠳᠤ ᠡᠯ᠎ᠡ ᠬᠦᠷᠢᠶᠡᠨ ᠤ ᠪᠣᠳᠠᠲᠤ ᠪᠠᠶᠢᠳᠠᠯ ᠢ ᠦᠨᠳᠦᠰᠦᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠢᠯᠡ ᠲᠣᠳᠣ ᠶᠢᠨ ᠬᠡᠮᠵᠢᠶ᠎ᠡ ᠪᠠ ᠵᠢᠷᠤᠮᠵᠢᠯ ᠤᠨ ᠴᠢᠨᠠᠷ ᠢ ᠤᠯᠠᠮ ᠨᠢᠭᠡ ᠠᠯᠬᠤᠮ ᠴᠢᠩᠭᠠᠳᠬᠠᠨ᠎ᠠ᠃      ᠲᠠᠪᠤ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ︵2022 ᠣᠨ ᠤ ᠬᠡᠪᠯᠡᠯ︶︾ ᠲᠠᠢ ᠶᠠᠮᠠᠷ ᠶᠠᠮᠠᠷ ᠢᠯᠭᠠᠭ᠎ᠠ ᠲᠠᠢ ᠪᠣᠶ︖      ︽ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ︵2024 ᠣᠨ ᠤ ᠬᠡᠪᠯᠡᠯ︶︾ ᠶᠢ ︽ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠭ ᠶᠠᠪᠣᠳᠡᠯ ᠤᠨ ᠨᠠᠷᠢᠨ ᠲᠠᠩᠰᠠ ︵2022 ᠣᠨ ᠤ ᠬᠡᠪᠯᠡᠯ︶︾ ᠲᠠᠢ ᠬᠠᠷᠢᠴᠠᠭᠤᠯᠪᠠᠯ᠂ ᠵᠠᠰᠠᠭ ᠵᠠᠬᠢᠷᠭᠠᠨ ᠤ ᠵᠥᠪᠰᠢᠶᠡᠷᠡᠯ ᠤᠨ  ᠭᠡᠷᠡᠭ ᠶᠠᠪᠣᠳᠡᠯ ᠳᠤ ᠰᠢᠨ᠎ᠡ ᠪᠠᠷ 9 ᠵᠣᠶᠢᠯ ᠨᠡᠮᠡᠭᠳᠡᠵᠦ᠂ 11  ᠵᠣᠶᠢᠯ ᠢ ᠬᠦᠴᠦᠨ ᠥᠬᠡᠶ ᠪᠣᠯᠭᠠᠪᠠ᠃      ᠰᠢᠨ᠎ᠡ ᠪᠠᠷ ᠨᠡᠮᠡᠭᠰᠡᠨ ᠭᠡᠷᠡᠭ ᠶᠠᠪᠣᠳᠡᠯ᠄ 1. ᠳᠣᠲᠣᠭᠠᠳᠤ ᠭᠤᠤᠯ ᠮᠥᠷᠡᠨ ᠤ ᠠᠶᠠᠯᠠᠯ ᠨᠡᠪᠲᠡᠷᠡᠬᠦ ᠤᠰᠤᠨ ᠣᠷᠣᠨ ᠳᠤ ᠬᠡᠲᠦ ᠬᠦᠨᠳᠦ᠂ ᠬᠡᠲᠦ ᠣᠷᠳᠣ᠂ ᠬᠡᠲᠦ ᠥᠨᠳᠥᠷ᠂ ᠬᠡᠲᠦ ᠥᠷᠭᠡᠨ᠂ ᠬᠠᠭᠠᠰ ᠱᠤᠩᠭᠤᠯ ᠪᠣᠳᠠᠰ ᠪᠤᠶᠤ ᠬᠤᠯᠤᠰᠤ᠂ ᠮᠣᠳᠣ ᠵᠡᠷᠭᠡ ᠪᠣᠳᠠᠰ ᠢ ᠠᠴᠢᠶᠠᠯᠠᠵᠣ ᠲᠡᠭᠡᠭᠡᠪᠦᠷᠢᠯᠡᠬᠦ᠂  ᠠᠴᠢᠬᠤ ᠶᠢ ᠵᠦᠪᠰᠢᠶᠠᠷᠡᠨ᠎ᠠ︔ 2. ᠳᠣᠲᠣᠭᠠᠳᠤ ᠭᠤᠤᠯ ᠮᠥᠷᠡᠨ ᠤ ᠲᠤᠰᠬᠠᠶ ᠬᠡᠷᠡᠭᠯᠡᠭᠡᠨ ᠤ ᠠᠶᠠᠯᠠᠯ ᠤᠨ ᠲᠡᠮᠳᠡᠭ ᠢ ᠪᠠᠶᠢᠷᠢᠯᠠᠭᠤᠯᠬᠤ᠂ ᠠᠷᠢᠯᠭᠠᠬᠤ᠂ ᠣᠷᠣᠨ ᠪᠠᠶᠢᠷᠢ ᠶᠢ ᠰᠢᠯᠵᠢᠭᠦᠯᠬᠦ ᠪᠠ ᠪᠤᠰᠤᠳ ᠪᠠᠶᠢᠳᠠᠯ ᠢ ᠬᠤᠪᠢᠷᠠᠭᠤᠯᠬᠤ ᠶᠢ ᠬᠢᠨᠠᠨ ᠵᠥᠪᠰᠢᠶᠡᠷᠡᠨ᠎ᠡ︔ 3. ᠲᠠᠯᠠᠢ ᠶᠢᠨ ᠣᠷᠣᠨ ᠪᠤᠶᠤ ᠳᠣᠲᠣᠭᠠᠳᠤ ᠭᠤᠣᠯ ᠮᠥᠷᠡᠨ ᠤ ᠠᠶᠠᠯᠠᠯ ᠨᠡᠪᠲᠡᠷᠡᠬᠦ ᠤᠰᠤᠨ ᠣᠷᠣᠨ᠂ ᠡᠷᠭᠢ ᠶᠢᠨ ᠱᠤᠭᠤᠮ ᠤᠨ ᠪᠠᠷᠢᠯᠭ᠎ᠠ ᠶᠢᠨ ᠠᠵᠢᠯ ᠬᠢᠬᠦ ᠶᠢ ᠵᠥᠪᠰᠢᠶᠡᠷᠡᠨ᠎ᠠ︔ 4. ᠳᠣᠲᠣᠭᠠᠳᠤ ᠭᠤᠣᠯ ᠮᠥᠷᠡᠨ ᠤ ᠣᠯᠣᠮ ᠭᠠᠷᠭᠠᠬᠤ ᠪᠤᠶᠤ ᠭᠠᠷᠭᠠᠬᠤ ᠶᠢ ᠬᠢᠨᠠᠨ ᠵᠥᠪᠰᠢᠶᠡᠷᠡᠭᠦᠯᠬᠦ ᠶᠢ ᠬᠦᠴᠦᠨ ᠦᠭᠡᠢ ᠪᠣᠯᠭᠠᠬᠤ︔ 5. ᠠᠮᠢᠲᠠᠨ ᠤ ᠬᠢᠵᠢᠭ ᠡᠪᠡᠳᠴᠢᠨ ᠦᠭᠡᠢ ᠣᠷᠣᠨ ᠳᠤ ᠠᠮᠠᠷᠬᠠᠨ ᠬᠠᠯᠳᠠᠪᠤᠷᠢᠯᠠᠭᠳᠠᠬᠤ ᠠᠮᠢᠲᠠᠨ᠂ ᠠᠮᠢᠲᠠᠨ ᠤ ᠣᠶᠢᠯᠡᠳᠬᠦᠨ ᠢ ᠣᠷᠣᠭᠤᠯᠬᠤ ᠳᠤ ᠬᠢᠵᠢᠭ ᠤᠨ ᠪᠠᠶᠢᠴᠠᠭᠠᠯᠲᠠ ᠬᠢᠬᠦ ᠶᠢ ᠬᠢᠨᠠᠨ ᠵᠥᠪᠰᠢᠶᠡᠷᠡᠨ᠎ᠠ︔ 6. ᠵᠢᠭᠠᠰᠤᠨ ᠠᠵᠤ ᠠᠬᠤᠶ ᠶᠢᠨ ᠣᠩᠭᠤᠴᠠ ᠰᠠᠯ ᠤᠨ ᠤᠯᠤᠰ ᠤᠨ ᠬᠠᠷᠢᠶ᠎ᠠ ᠲᠠᠩᠰᠠᠯᠠᠬᠤ ᠶᠢ ᠵᠦᠪᠰᠢᠶᠠᠷᠡᠨ᠎ᠠ᠃ 7. ᠠᠶᠤᠯ ᠲᠦᠭᠰᠢᠭᠦᠷᠢ ᠶᠡᠬᠡᠲᠡᠶ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠭᠢᠯᠡᠬᠦ ᠶᠢ ᠵᠥᠪᠰᠢᠶᠡᠷᠡᠨ᠎ᠠ︔ 8. ᠳᠠᠮᠵᠢᠭᠤᠯᠬᠤ ᠬᠤᠭᠤᠯᠠᠶ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠳᠠᠮᠵᠢᠭᠤᠯᠬᠤ ᠬᠤᠭᠤᠯᠠᠶ ᠶᠢᠨ ᠰᠡᠷᠭᠡᠶᠢᠯᠡᠨ ᠬᠠᠮᠠᠭᠠᠯᠠᠬᠤ ᠲᠥᠰᠦᠯ ᠢ ᠰᠢᠨ᠎ᠡ ᠪᠠᠷ ᠬᠢᠨᠠᠨ ᠵᠥᠪᠰᠢᠶᠡᠷᠡᠨ᠎ᠡ᠃ 9. ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠬᠡᠪᠴᠢᠶᠡᠨ ᠳᠠᠬᠢ ᠭᠠᠵᠠᠷ ᠰᠢᠷᠣᠶ ᠡᠵᠡᠯᠡᠬᠦ ᠶᠢ ᠬᠢᠨᠠᠨ ᠵᠦᠪᠰᠢᠶᠠᠷᠡᠨ᠎ᠠ᠃            ᠬᠦᠴᠦᠨ ᠥᠬᠡᠶ ᠪᠣᠯᠭᠠᠬᠰᠠᠨ ᠭᠡᠷᠡᠭ ᠶᠠᠪᠣᠳᠡᠯ᠄ 1. ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠣᠶᠢᠯ ᠢ ᠬᠢᠨᠠᠨ ᠵᠥᠪᠰᠢᠶᠡᠷᠡᠬᠦ ︵ᠣᠯᠣᠰ ᠲᠠᠷᠬᠠᠭᠠᠭᠰᠠᠨ ︹ 2016 ︺ 72 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠲᠥᠷᠥᠯ ᠵᠣᠶᠢᠯ ᠢ ᠪᠠᠭᠲᠠᠭᠠᠨ᠎ᠠ︶︔ 2. ᠰᠢᠶᠠᠩ ︵ᠪᠠᠯᠭᠠᠰᠤ︶ ᠲᠣᠰᠬᠤᠨ ᠤ ᠠᠵᠤ ᠠᠬᠤᠶᠢᠯᠠᠯ ᠤᠨ ᠬᠠᠮᠲᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠶᠢ ᠬᠢᠨᠠᠨ ᠵᠥᠪᠰᠢᠶᠡᠷᠡᠨ᠎ᠠ︔ 3. ᠰᠢᠶᠠᠩ ︵ᠪᠠᠯᠭᠠᠰᠤ ︶ ᠲᠣᠰᠬᠤᠨ ᠤ ᠤᠯᠠᠨ ᠨᠡᠶᠢᠲᠡ ᠶᠢᠨ ᠲᠥᠬᠦᠭᠡᠷᠦᠮᠵᠢ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠮᠲᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠶᠢ ᠬᠢᠨᠠᠨ ᠵᠥᠪᠰᠢᠶᠡᠷᠡᠨ᠎ᠠ︔ 4. ᠪᠠᠷᠢᠯᠭ᠎ᠠ ᠶᠢᠨ ᠠᠵᠢᠯ ᠬᠢᠬᠦ᠂ ᠲᠤᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠰᠢᠯᠲᠠᠭᠠᠨ ᠠᠴᠠ ᠪᠤᠯᠵᠤ ᠤᠰᠤ ᠬᠠᠩᠭᠠᠬᠤ ᠶᠢ ᠬᠢᠨᠠᠨ ᠵᠥᠪᠰᠢᠶᠡᠷᠡᠬᠦ ᠶᠢ ᠦᠨᠡᠬᠡᠷ ᠵᠣᠭᠰᠣᠭᠠᠬᠤ ᠴᠢᠬᠤᠯᠠᠲᠠᠶ ᠪᠠᠶᠢᠬᠤ︔ 5. ᠰᠢᠲᠠᠮᠠᠬᠠᠶ ᠬᠡᠶ ᠡᠵᠡᠩᠨᠡᠬᠦ ᠶᠢ ᠵᠥᠪᠰᠢᠶᠡᠷᠡᠨ᠎ᠠ ︔ 6. ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠭᠠᠵᠡᠷ ᠢ ᠬᠢᠨᠠᠨ ᠵᠦᠪᠰᠢᠶᠠᠷᠡᠨ᠎ᠠ᠃ 7. ᠵᠢᠭᠠᠰᠤᠨ ᠣᠩᠭᠤᠴᠠᠨ ᠤ ᠭᠠᠷᠠᠮ ᠤᠨ ᠳᠣᠲᠣᠷ᠎ᠠ ᠲᠥᠬᠦᠭᠡᠷᠦᠮᠵᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠤᠶᠤ ᠤᠰᠤᠨ ᠳᠡᠭᠡᠷ᠎ᠡ᠂ ᠤᠰᠤᠨ ᠳᠣᠣᠷ᠎ᠠ ᠪᠠᠷᠢᠯᠭ᠎ᠠ ᠪᠠᠷᠢᠬᠤ ᠶᠢ ᠬᠢᠨᠠᠨ ᠵᠥᠪᠰᠢᠶᠡᠷᠡᠨ᠎ᠠ︔ 8. ᠵᠢᠭᠠᠰᠤᠨ ᠣᠩᠭᠤᠴᠠᠨ ᠤ ᠭᠠᠷᠠᠮ ᠳᠠᠬᠢ ᠨᠣᠴᠣᠮᠠᠲᠠᠭᠠᠶ᠂ ᠳᠡᠯᠪᠡᠷᠡᠮᠡᠲᠡᠭᠡᠶ᠂ ᠬᠤᠣᠷᠳᠡᠢ ᠵᠡᠷᠭᠡ ᠠᠶᠤᠯᠳᠤ ᠪᠣᠳᠠᠰ ᠢ ᠠᠴᠢᠶᠠᠯᠠᠵᠤ ᠪᠠᠭᠤᠯᠭᠠᠬᠤ ᠶᠢ ᠬᠢᠨᠠᠨ ᠵᠥᠪᠰᠢᠶᠡᠷᠡᠨ᠎ᠠ︔ 9. ᠪᠠᠩᠬᠢ ᠶᠢᠨ ᠲᠠᠩᠰᠠᠨ ᠡᠷᠦᠭᠡ ᠶᠢᠨ ᠲᠠᠩᠰᠠ ᠪᠠᠶᠢᠭᠤᠯᠬᠤ ᠶᠢ ᠵᠥᠪᠰᠢᠶᠡᠷᠡᠨ᠎ᠠ︔ 10. ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠷᠣᠯᠠᠨ ᠥᠭᠬᠦ ᠶᠢ ᠭᠦᠢᠴᠡᠳᠬᠡᠬᠦ ᠪᠠᠩᠬᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ︔ 11. ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠢ ᠬᠢᠨᠠᠨ ᠵᠥᠪᠰᠢᠶᠡᠷᠡᠨ᠎ᠡ᠃
 
ᠢᠷᠡᠯᠲᠡ᠄ ᠷᠡᠰᠢᠶᠠᠨ ᠬᠤᠲᠠ ᠶᠢᠨ ᠶᠠᠪᠤᠳᠠᠯ ᠤᠨ ᠣᠶᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号