【 ᠦᠰᠦᠭ ᠪᠢᠴᠢᠭ ᠢᠶᠠᠷ ᠦᠬᠦᠯᠡᠬᠦᠢ 】  ᠷᠠᠰᠢᠶᠠᠨ ᠬᠤᠲᠠ ᠶᠢᠨ ᠬᠦᠷᠢᠶ᠎ᠠ ᠬᠠᠰᠢᠶᠠᠨ ᠤ ᠠᠵᠣ ᠠᠬᠤᠢ ᠶᠢ ᠴᠢᠨᠠᠷ ᠰᠠᠶᠢᠲᠠᠶ ᠬᠦᠭᠵᠢᠬᠦᠯᠬᠦ ᠳᠤ ᠣᠯᠭᠤᠬᠤ ᠱᠠᠩᠨᠠᠯ ᠪᠠ ᠨᠦᠬᠦᠪᠣᠷᠢ ᠶᠢᠨ ᠲᠥᠰᠦᠯ
ᠨᠡᠶᠢᠲᠡᠯᠡᠭᠰᠡᠨ ᠴᠠᠭ᠄
2024/6/19
     ᠨᠢᠭᠡ᠂ ᠪᠢᠴᠢᠭ ᠮᠠᠲ᠋ᠧᠷᠢᠶᠠᠯ ᠤᠨ ᠦᠨᠳᠦᠰᠦᠯᠡᠯ      ᠷᠠᠰᠢᠶᠠᠨ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ︽︿ᠬᠥᠳᠡᠭᠡ ᠲᠣᠰᠬᠤᠨ ᠤ ᠬᠦᠷᠢᠶᠡᠨ ᠤ ᠠᠵᠤ ᠠᠬᠤᠶ ᠶᠢᠨ ︿ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶᠡᠯᠡᠩ﹀ ᠤᠨ ᠠᠵᠢᠯᠯᠠᠭᠠᠨ ᠤ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠪᠠ ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠬᠢᠩᠭᠠᠨ ᠠᠶᠢᠮᠠᠭ ᠤᠨ 2024 ᠣᠨ ᠳᠤ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠤᠨ ᠶᠣᠰᠣᠭᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠷᠠᠰᠢᠶᠠᠨ ᠬᠤᠲᠠ ᠶᠢᠨ ᠬᠦᠷᠢᠶ᠎ᠠ ᠬᠠᠰᠢᠶᠠᠨ ᠤ ᠠᠵᠣ ᠠᠬᠤᠢ ᠶᠢ ᠴᠢᠨᠠᠷ ᠰᠠᠶᠢᠲᠠᠶ ᠬᠦᠭᠵᠢᠬᠦᠯᠬᠦ ᠳᠤ ᠣᠯᠭᠤᠬᠤ ᠱᠠᠩᠨᠠᠯ ᠪᠠ ᠨᠦᠬᠦᠪᠣᠷᠢ ᠶᠢᠨ ᠲᠥᠰᠦᠯ︾ ᠢ ᠲᠤᠭᠤᠷᠪᠢᠪᠠ᠃      ᠬᠤᠶᠠᠷ᠂ ᠭᠤᠣᠯ ᠠᠭᠤᠯᠭ᠎ᠠ      ︵ᠨᠢᠭᠡ︶ ᠡᠭᠦᠷᠭᠡ ᠬᠠᠷᠠᠯᠲᠠ      2024 ᠣᠨ ᠳᠤ ᠲᠦᠷᠪᠡᠨ ᠪᠠᠯᠭᠠᠰᠤᠨ ᠤ ᠬᠡᠪᠴᠢᠶᠡᠨ ᠳᠤ 300 ᠲᠠᠷᠢᠶᠠᠴᠢᠨ ᠡᠷᠤᠭᠡ ᠶᠢ ᠲᠡᠳᠬᠦᠨ ᠲᠡᠮᠵᠢᠵᠤ ᠬᠦᠷᠢᠶ᠎ᠠ ᠬᠠᠰᠢᠶᠠᠨ ᠤ ᠠᠵᠤ ᠠᠬᠤᠶ ᠶᠢ ᠨᠢ ᠬᠥᠭᠵᠢᠭᠦᠯᠣᠨ᠎ᠠ᠃      ︵ᠬᠤᠶᠠᠷ︶ ᠲᠡᠳᠬᠦᠬᠦ ᠭᠤᠣᠯᠳᠠᠯᠭ᠎ᠠ      ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ᠂ ᠵᠢᠭᠤᠯᠴᠢᠯᠠᠯ ᠤᠨ ᠦᠢᠯᠡᠰ᠂ ᠬᠤᠳᠠᠯᠳᠤᠭ᠎ᠠ ᠲᠡᠯᠭᠡᠬᠦᠷ᠂ ᠭᠠᠷ ᠦᠢᠯᠡᠳᠪᠦᠷᠢ ᠪᠣᠯᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠳᠤ ᠨᠡᠶᠢᠴᠡᠬᠦ ᠪᠤᠰᠤᠳ ᠬᠦᠷᠢᠶᠡᠨ ᠳᠠᠬᠢ ᠠᠵᠤ ᠠᠬᠤᠶ ᠶᠢᠨ ᠲᠦᠷᠦᠯ ᠬᠡᠯᠪᠡᠷᠢ᠃      ︵ᠭᠤᠷᠪᠠ︶ ᠪᠡᠯᠡ ᠮᠥᠩᠭᠦ   ᠶᠢᠨ ᠢᠷᠡᠯᠳᠡ ᠬᠢᠭᠡᠳ ᠱᠠᠩᠨᠠᠵᠤ ᠲᠤᠰᠠᠯᠠᠬᠤ ᠪᠠᠷᠢᠮᠵᠢᠶ᠎ᠠ      ᠪᠡᠯᠡ ᠮᠥᠩᠭᠦ ᠶᠢᠨ ᠢᠷᠡᠯᠲᠡ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠲᠠᠷᠬᠠᠭᠠᠬᠰᠠᠨ ᠪᠡᠯᠡ ᠮᠥᠩᠭᠦ᠂ ᠵᠦᠷᠢᠶᠡᠴᠢᠯᠡᠭᠰᠡᠨ ᠱᠠᠩᠨᠠᠯ ᠨᠥᠬᠦᠪᠥᠷᠢ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠬᠰᠠᠨ ᠡᠷᠦᠬᠡ᠂ ᠬᠢᠨᠠᠨ ᠰᠢᠯᠭᠠᠬᠤ ᠡᠷᠦᠬᠡ ᠶᠢᠨ ᠠᠵᠤ  ᠣᠶᠢᠯᠡᠰ ᠤᠨ ᠬᠥᠭᠵᠢᠯᠲᠡ ᠶᠢᠨ ᠱᠠᠩᠨᠠᠯ ᠨᠥᠬᠦᠪᠥᠷᠢ ᠶᠢ ᠨᠡᠶᠢᠲᠡ 4000 ᠲᠥᠭᠦᠷᠢᠭ ᠠᠴᠠ ᠳᠠᠪᠠᠭᠤᠯᠬᠤ ᠥᠬᠡᠶ᠂ ᠡᠩ ᠤᠨ ᠡᠷᠦᠬᠡ ᠶᠢᠨ ᠠᠵᠤ ᠣᠶᠢᠯᠡᠰ ᠤᠨ ᠬᠥᠭᠵᠢᠯᠲᠡ ᠶᠢᠨ ᠱᠠᠩᠨᠠᠯ ᠨᠥᠬᠦᠪᠥᠷᠢ ᠶᠢ ᠨᠡᠶᠢᠲᠡ 3000 ᠲᠥᠭᠦᠷᠢᠭ ᠠᠴᠠ ᠳᠠᠪᠠᠭᠤᠯᠬᠤ ᠥᠬᠡᠶ᠂ ᠵᠢᠭᠤᠯᠴᠢᠯᠠᠯ ᠤᠨ ᠣᠶᠢᠯᠡᠰ ᠤᠨ ᠱᠠᠩᠨᠠᠯ ᠨᠥᠬᠦᠪᠥᠷᠢ ᠶᠢ ᠶᠠᠳᠠᠭᠤ ᠠᠴᠠ ᠠᠩᠭᠢᠵᠢᠷᠠᠬᠰᠠᠨ ᠡᠷᠦᠬᠡ᠂ ᠬᠢᠨᠠᠨ ᠰᠢᠯᠭᠠᠬᠤ ᠡᠷᠦᠬᠡ ᠶᠢᠨ ᠬᠥᠭᠵᠢᠯᠲᠡ ᠶᠢᠨ ᠱᠠᠩᠨᠠᠯ ᠨᠥᠬᠦᠪᠥᠷᠢ ᠶᠢ ᠨᠡᠶᠢᠲᠡ 20000 ᠲᠥᠭᠦᠷᠢᠭ ᠠᠴᠠ ᠳᠠᠪᠠᠭᠤᠯᠬᠤ ᠥᠬᠡᠶ᠂ ᠡᠩ ᠤᠨ ᠡᠷᠦᠬᠡ ᠶᠢᠨ ᠠᠵᠤ ᠣᠶᠢᠯᠡᠰ ᠤᠨ ᠬᠥᠭᠵᠢᠯᠲᠡ ᠶᠢᠨ ᠱᠠᠩᠨᠠᠯ ᠨᠥᠬᠦᠪᠥᠷᠢ ᠶᠢ ᠨᠡᠶᠢᠲᠡ 10000 ᠲᠥᠭᠦᠷᠢᠭ ᠠᠴᠠ ᠳᠠᠪᠠᠭᠤᠯᠬᠤ ᠥᠬᠡᠶ᠂ ᠲᠣᠰ ᠤᠳᠠᠭᠠᠨ ᠤ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠬᠦᠷᠢᠶ᠎ᠠ ᠬᠠᠰᠢᠶᠠᠨ ᠤ ᠠᠵᠤ ᠠᠬᠤᠶ ᠶᠢ ᠬᠥᠭᠵᠢᠭᠦᠯᠬᠦ ᠶᠢᠨ ᠬᠠᠮᠲᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠣᠯᠭᠤᠨ᠎ᠠ᠃      ︵ᠲᠥᠷᠪᠡ︶ ᠬᠡᠷᠡᠭᠵᠢᠭᠦᠯᠬᠦ ᠲᠡᠰ ᠳᠠᠷᠠᠭᠠᠯᠠᠯ      ᠲᠠᠷᠢᠶᠠᠴᠢᠨ ᠡᠷᠦᠬᠡ ᠭᠤᠶᠤᠴᠢᠯᠠᠬᠤ →  ᠲᠣᠰᠬᠤᠨ ᠤ ᠱᠠᠲᠣᠨ ᠳᠤ ᠮᠡᠳᠡᠭᠦᠯᠬᠦ → ᠪᠠᠯᠭᠠᠰᠤᠨ ᠤ ᠱᠠᠲᠣᠨ ᠳᠤ ᠬᠢᠨᠠᠨ ᠬᠠᠷᠭᠤᠭᠤᠯᠬᠤ → ᠬᠤᠲᠠ ᠶᠢᠨ ᠱᠠᠲᠣᠨ ᠳᠤ ᠬᠢᠨᠠᠨ ᠬᠠᠷᠭᠤᠭᠤᠯᠬᠤ → ᠵᠣᠬᠢᠶᠠᠨ ᠪᠠᠶᠢᠭᠤᠯᠵᠤ ᠬᠡᠷᠡᠭᠵᠢᠭᠦᠯᠬᠦ → ᠬᠤᠲᠠ ᠶᠢᠨ ᠱᠠᠲᠣᠨ ᠳᠤ ᠬᠢᠨᠠᠨ ᠬᠠᠷᠭᠤᠭᠤᠯᠬᠤ       ᠲᠣᠰᠬᠤᠨ ᠠᠴᠠ ᠡᠯ᠎ᠡ ᠡᠷᠦᠬᠡ ᠶᠢᠨ ᠬᠦᠷᠢᠶ᠎ᠠ ᠬᠠᠰᠢᠶᠠᠨ ᠤ ᠠᠵᠤ ᠠᠬᠤᠶ ᠳᠤ ᠠᠩᠬᠠᠨ ᠤ ᠰᠢᠯᠭᠠᠯᠲᠠ ᠬᠢᠵᠦ ᠂ ᠰᠢᠯᠭᠠᠨ ᠠᠪᠬᠤ ᠴᠠᠭ ᠨᠢ 2024 ᠣᠨ ᠤ 9 ᠰᠠᠷ᠎ᠠ ᠶᠢᠨ 30 ᠤ ᠡᠳᠦᠷ ᠠᠴᠠ ᠡᠮᠦᠨ᠎ᠡ ᠪᠣᠯᠤᠨ᠎ᠠ᠃      ᠭᠤᠷᠪᠠ᠂ ᠣᠨᠴᠠᠭᠠᠢ ᠲᠣᠳᠣᠷᠬᠠᠶᠢᠯᠠᠯᠲᠠ      ︵ᠨᠢᠭᠡ︶  ᠲᠡᠭᠡᠷᠡᠬᠢ ᠱᠠᠩᠨᠠᠵᠤ ᠨᠥᠬᠦᠪᠥᠷᠢᠯᠡᠬᠦ ᠬᠡᠪᠴᠢᠶ᠎ᠡ ᠶᠢ ᠴᠥᠮ 2024 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ ᠰᠢᠨ᠎ᠡ ᠪᠠᠷ ᠬᠥᠭᠵᠢᠭᠦᠯᠥᠭᠰᠠᠨ ᠪᠠ ᠣᠷᠣᠭᠤᠯᠤᠬᠰᠠᠨ ᠮᠦᠷᠳᠡᠭᠡᠨ ᠭᠡᠷᠡᠭᠵᠢᠬᠦᠯᠬᠦ ᠭᠠᠵᠡᠷ  ᠤᠨ ᠪᠠᠯᠭᠠᠰᠤ ᠲᠣᠰᠬᠤᠨ ᠢ ᠰᠢᠯᠭᠠᠨ ᠠᠪᠬᠤ ᠠᠴᠠ  ᠡᠮᠣᠨ᠎ᠠ ᠠᠵᠢᠯ ᠢ ᠬᠦᠢᠴᠡᠳᠭᠡᠭᠰᠠᠨ᠂ 2023 ᠣᠨ ᠳᠤ ᠨᠢᠭᠡᠨᠲᠡ ᠬᠦᠷᠢᠶ᠎ᠡ ᠬᠠᠰᠢᠶᠠᠨ ᠤ ᠠᠵᠤ ᠠᠬᠤᠶ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠥᠷᠳᠡᠭᠰᠠᠨ᠂ ᠵᠢᠱᠢᠶᠡᠯᠡᠪᠡᠯ 2024 ᠣᠨ ᠳᠤ ᠰᠢᠨ᠎ᠡ ᠣᠷᠣᠭᠤᠯᠤᠯᠲᠠ ᠲᠠᠢ ᠨᠢ ᠪᠠᠰᠠ ᠨᠥᠬᠦᠪᠥᠷᠢ ᠭᠥᠷᠳᠡᠵᠦ ᠪᠣᠯᠤᠨ᠎ᠠ᠃      ︵ᠬᠤᠶᠠᠷ︶ ᠵᠠᠰᠠᠭ ᠵᠠᠬᠢᠷᠭᠠᠨ ᠤ ᠠᠵᠣ ᠣᠶᠢᠯᠡᠰ ᠤᠨ ᠨᠢᠭᠡᠴᠢ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠣᠷᠣᠨ ᠲᠤᠭ᠎ᠠ ᠳᠤ ᠪᠠᠶᠢᠭ᠎ᠠ ᠠᠵᠢᠯᠲᠠᠨ ᠪᠣᠯᠤᠨ ᠠᠵᠢᠯ ᠠᠴᠠ ᠪᠠᠨ ᠠᠮᠠᠷᠠᠭᠰᠠᠳ ᠲᠤ ᠨᠥᠬᠦᠪᠥᠷᠢ ᠣᠯᠭᠤᠬᠤ ᠥᠬᠡᠶ᠃      ︵ᠭᠤᠷᠪᠠ︶ ᠬᠠᠤᠯᠢ ᠠᠴᠠ ᠵᠥᠷᠢᠴᠡᠭᠰᠡᠨ ᠪᠠᠷᠢᠯᠭ᠎ᠠ ᠪᠣᠯᠤᠨ ᠭᠦᠷᠢᠶ᠎ᠠ ᠬᠠᠰᠢᠶᠠᠨ ᠤ ᠠᠵᠣ ᠠᠬᠤᠢ ᠶᠢᠨ ᠲᠦᠷᠣᠯ ᠵᠣᠶᠢᠯ ᠳᠤ ᠨᠥᠬᠦᠪᠥᠷᠢ ᠣᠯᠭᠤᠬᠤ ᠥᠭᠡᠢ᠃      ᠲᠣᠰ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠨᠡᠶᠢᠲᠡᠯᠡᠨ᠎ᠡ᠂ ᠬᠡᠷᠪᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠬᠠᠢ ᠠᠰᠠᠭᠤᠨ ᠯᠠᠪᠯᠠᠬᠤ ᠴᠢᠬᠤᠯᠠᠲᠠᠶ ᠪᠣᠯ 0482 — 7123203 ᠳᠤ ᠤᠲᠠᠰᠤᠳᠠᠭᠠᠷᠠᠶ᠃
 
ᠢᠷᠡᠯᠲᠡ᠄ ᠷᠡᠰᠢᠶᠠᠨ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号