【 ᠦᠰᠦᠭ ᠪᠢᠴᠢᠭ ᠢᠶᠠᠷ ᠦᠬᠦᠯᠡᠬᠦᠢ 】  ᠷᠠᠰᠢᠶᠠᠨ ᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠪᠠᠷ ᠳᠠᠶᠢᠴᠢᠯᠠᠬᠤ ᠲᠥᠷᠥᠯ ᠵᠣᠶᠢᠯ ᠢ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2024/6/19
     ᠨᠢᠭᠡ᠂ ᠪᠢᠴᠢᠭ ᠮᠠᠲ᠋ᠧᠷᠢᠶᠠᠯ ᠤᠨ ᠦᠨᠳᠦᠰᠦᠯᠡᠯ      ᠮᠠᠨ ᠤ ᠲᠣᠪᠴᠢᠶ᠎ᠠ ︽ᠬᠢᠩᠭᠠᠨ ᠠᠶᠢᠮᠠᠭ ᠤᠨ 2024 ᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠷᠠᠰᠢᠶᠠᠨ ᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠪᠠᠷ ᠳᠠᠶᠢᠴᠢᠯᠠᠬᠤ ᠲᠥᠷᠥᠯ ᠵᠣᠶᠢᠯ ᠢ ᠬᠡᠷᠡᠭᠵᠢᠭᠦᠯᠬᠦ ᠲᠥᠰᠦᠯ︾ ᠢ ᠲᠤᠭᠤᠷᠪᠢᠪᠠ ︵ᠠᠩᠬᠠᠨ ᠤ ᠡᠬᠡ ᠨᠣᠤᠷᠠᠭ︶᠃      ᠬᠤᠶᠠᠷ᠂ ᠭᠤᠣᠯ ᠠᠭᠤᠯᠭ᠎ᠠ      ︵ᠨᠢᠭᠡ︶ ᠡᠭᠦᠷᠭᠡ ᠬᠠᠷᠠᠯᠲᠠ      ᠪᠥᠬᠦ ᠬᠤᠲᠠ ᠶᠢᠨ ᠬᠡᠪᠴᠢᠶᠡᠨ ᠳᠤ 2 ᠬᠤᠷᠰᠢᠶ᠎ᠠ ᠪᠤᠶᠤ ᠺᠣᠮᠫᠠᠨᠢ᠂ ᠲᠤᠰᠬᠠᠶ ᠲᠣᠮᠣ ᠡᠷᠦᠬᠡ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢ ᠰᠣᠩᠭᠤᠨ ᠲᠣᠰ ᠲᠥᠷᠥᠯ ᠵᠣᠶᠢᠯ ᠢ ᠬᠡᠷᠡᠭᠵᠢᠭᠦᠯᠬᠦ ᠭᠤᠤᠯ ᠴᠣᠭᠴᠠ ᠪᠣᠯᠭᠠᠵᠤ᠂ ᠲᠠᠷᠢᠶᠠᠴᠢᠨ ᠡᠷᠦᠬᠡ ᠯᠦᠭᠡ ᠠᠵᠢᠯ ᠣᠯᠭᠤᠬᠤ᠂ ᠵᠠᠬᠢᠶᠠᠯᠠᠭ᠎ᠠ ᠪᠠᠷ ᠣᠶᠢᠯᠡᠳᠪᠦᠷᠢᠯᠡᠬᠦ᠂ ᠨᠠᠶᠢᠳᠠᠨ ᠲᠡᠵᠢᠭᠡᠯᠭᠡᠵᠦ ᠬᠠᠮᠢᠶᠠᠷᠤᠭᠤᠯᠬᠤ᠂ ᠲᠦᠷᠢᠶᠡᠰᠦᠨ ᠮᠥᠩᠭᠦ ᠲᠤᠰᠢᠶᠠᠬᠤ ᠵᠡᠷᠭᠡ ᠣᠯᠠᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠴᠢᠳ ᠢ ᠬᠤᠯᠪᠣᠭᠠᠯᠠᠵᠤ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠪᠠᠶᠢᠭᠤᠯᠵᠤ᠂ ᠡᠷᠦᠬᠡ ᠶᠢᠨ ᠣᠷᠣᠯᠭ᠎ᠠ ᠶᠢ ᠳᠤᠮᠳᠠᠴᠢ ᠪᠠᠷ 1000 ᠲᠥᠭᠦᠷᠢᠭ ᠠᠴᠠ ᠳᠡᠭᠡᠭᠰᠢ ᠲᠣᠭᠲᠠᠭᠤᠨ ᠢᠶᠠᠷ ᠨᠡᠮᠡᠭᠳᠡᠭᠦᠯᠬᠦ ᠡᠭᠦᠷᠭᠡ ᠶᠢ ᠬᠠᠷᠢᠭᠤᠴᠠᠨ᠎ᠠ᠃      ︵ᠬᠤᠶᠠᠷ︶ ᠲᠡᠳᠬᠦᠬᠦ ᠭᠤᠣᠯᠳᠠᠯᠭ᠎ᠠ      2024 ᠣᠨ ᠳᠤ 200 ᠲᠦᠮᠡᠨ ᠲᠥᠭᠦᠷᠢᠭ ᠤᠨ ᠪᠡᠯᠡ ᠮᠥᠩᠭᠦ ᠪᠠᠷ 2 ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠡᠳᠬᠦᠬᠦ ᠪᠠᠷ ᠲᠥᠯᠥᠪᠯᠡᠵᠦ ᠪᠠᠶᠢᠭᠰᠠᠨ ᠠᠴᠠ ᠭᠠᠳᠠᠨ᠎ᠠ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢᠭᠡᠪᠦᠷᠢ ᠶᠢᠨ ᠪᠠᠯᠠ ᠣᠷᠣᠭᠤᠯᠬᠤ ᠪᠠᠷ ᠭᠤᠶᠤᠴᠢᠯᠠᠭᠰᠠᠨ ᠪᠠᠯᠠ ᠮᠥᠩᠭᠦ ᠨᠢ ᠲᠣᠰ ᠭᠤᠤᠯ ᠴᠣᠭᠴᠠ ᠶᠢᠨ ᠲᠣᠭᠲᠠᠮᠠᠯ ᠬᠥᠷᠥᠩᠭᠡ ᠶᠢᠨ 30% ᠠᠴᠠ ᠬᠡᠲᠦᠷᠡᠵᠦ ᠪᠣᠯᠬᠤ ᠥᠬᠡᠶ ᠮᠥᠷᠲᠡᠭᠡᠨ 100 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠥᠬᠡᠶ ᠠᠴᠠ ᠭᠠᠳᠠᠨ᠎ᠠ᠂ ᠪᠠᠰᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠥᠩᠭᠡᠷᠡᠭᠰᠡᠨ ᠵᠢᠯ ᠤᠳ ᠤᠨ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠡᠳ᠋ ᠬᠥᠷᠥᠩᠭᠡ ᠶᠢ ᠭᠤᠶᠤᠴᠢᠯᠠᠨ ᠮᠡᠳᠡᠭᠦᠯᠵᠦ ᠬᠡᠷᠡᠭᠯᠡᠬᠦ ᠶᠢ ᠵᠥᠪᠰᠢᠶᠡᠷᠡᠵᠦ᠂ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠪᠠᠶᠢᠳᠠᠯ ᠳᠣᠤᠷ᠎ᠠ ᠂ ᠬᠡᠷᠡᠭᠯᠡᠬᠦ ᠪᠠᠷ ᠭᠤᠶᠤᠴᠢᠯᠠᠭᠰᠠᠨ ᠥᠩᠭᠡᠷᠡᠭᠰᠡᠨ ᠵᠢᠯ ᠤᠳ ᠤᠨ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠡᠳ᠋ ᠬᠥᠷᠥᠩᠭᠡ ᠶᠢᠨ ᠲᠤᠭ᠎ᠠ ᠬᠡᠮᠵᠢᠶ᠎ᠡ ᠨᠢ ᠬᠢᠵᠠᠭᠠᠷᠯᠠᠭᠳᠠᠬᠤ ᠥᠬᠡᠶ᠃ ᠪᠠᠯᠭᠠᠰᠤᠨ ᠤ ᠡᠳ᠋ ᠬᠥᠷᠥᠩᠭᠡ ᠶᠢ ᠦᠨᠡᠯᠡᠨ ᠵᠢᠱᠢᠬᠦ ᠳᠤᠭᠤᠶᠢᠯᠠᠩ ᠠᠴᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯᠯᠠᠭᠠᠨ᠂ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠦᠨᠡᠯᠡᠨ ᠵᠢᠱᠢᠯᠲᠡ ᠬᠢᠭᠰᠡᠨ ᠤ ᠳᠠᠷᠠᠭ᠎ᠠ᠂ ᠪᠠᠯᠭᠠᠰᠤᠨ ᠤ ᠵᠠᠰᠠᠭ ᠤᠨ ᠣᠷᠳᠣᠨ ︵ᠪᠤᠶᠤ ᠲᠣᠰᠬᠤᠨ ᠤ ᠬᠠᠮᠲᠤ ᠨᠡᠶᠢᠲᠡ︶ ᠰᠠᠶ᠋ᠢ ᠬᠤᠷᠰᠢᠶ᠎ᠠ ︵ᠠᠵᠤ ᠠᠬᠤᠶᠢᠯᠠᠯ︶ ᠲᠠᠢ ᠬᠡᠯᠡᠯᠴᠡᠭᠡᠷ ᠲᠣᠭᠲᠠᠵᠤ ᠪᠣᠯᠤᠨ᠎ᠠ᠂ ᠡᠭᠦᠨ ᠤ ᠬᠠᠮᠲᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠪᠠᠰᠠ ᠪᠡᠯᠡ ᠣᠷᠣᠭᠤᠯᠤᠯᠲᠠ ᠶᠢᠨ 4% ᠠᠴᠠ ᠳᠣᠣᠷ᠎ᠠ ᠦᠭᠡᠢ ᠬᠠᠷᠢᠭᠤᠴᠠᠯᠭ᠎ᠠ ᠪᠠᠨ ᠭᠦᠢᠴᠡᠳᠬᠡᠬᠦ ᠪᠠᠲᠤᠯᠠᠪᠤᠷᠢ ᠶᠢᠨ ᠮᠥᠩᠭᠦ ᠲᠤᠰᠢᠶᠠᠬᠤ ᠬᠡᠷᠡᠭᠲᠡᠢ᠃ ᠲᠠᠷᠢᠶᠠᠴᠢᠳ ᠢ ᠬᠤᠯᠪᠣᠭᠠᠯᠠᠵᠤ ᠲᠠᠷᠢᠶᠠᠴᠢᠳ ᠢ ᠳᠠᠶᠢᠴᠢᠯᠠᠬᠤ ᠶᠡᠷᠦᠩᠬᠡᠶᠢᠯᠡᠭᠰᠡᠨ ᠦᠷ᠎ᠡ ᠠᠰᠢᠭ ᠢ ᠪᠠᠯᠭᠠᠰᠤ ︵ᠲᠣᠰᠬᠤᠨ ᠤ ᠬᠠᠮᠲᠤ︶ ᠶᠢᠨ ᠣᠷᠣᠭᠤᠯᠤᠯᠲᠠ ᠶᠢᠨ ᠪᠠᠯᠠ ᠮᠥᠩᠭᠦ ᠶᠢᠨ ᠬᠡᠪᠴᠢᠶ᠎ᠡ ︵ᠡᠳ᠋ ᠬᠥᠷᠥᠩᠭᠡ ᠶᠢᠨ ᠣᠲᠣ ᠶᠢᠨ ᠥᠷᠲᠡᠭ︶ ᠶᠢᠨ 10% ᠠᠴᠠ ᠳᠡᠭᠡᠭᠰᠢ ᠳᠤ ᠬᠦᠷᠦᠭᠦᠯᠪᠡᠯ᠂ ᠲᠦᠷᠢᠶᠡᠰᠦᠨ ᠮᠥᠩᠭᠦ ᠶᠢ ᠭᠡᠯᠳᠦᠷᠢᠭᠦᠯᠵᠦ ᠪᠣᠯᠤᠨ᠎ᠠ᠂ ᠡᠰᠡ ᠲᠡᠭᠡᠪᠡᠯ᠂ ᠬᠠᠷᠢᠭᠤᠴᠠᠯᠭ᠎ᠠ ᠪᠠᠨ ᠬᠦᠢᠴᠡᠳᠬᠡᠬᠦ ᠪᠠᠲᠤᠯᠠᠭ᠎ᠠ ᠶᠢᠨ ᠮᠥᠩᠭᠦ ᠶᠢ ᠪᠤᠴᠠᠭᠠᠬᠤ ᠥᠬᠡᠶ᠃      ︵ᠭᠤᠷᠪᠠ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠣᠩᠭᠤᠬᠤ ᠨᠥᠬᠦᠴᠡᠯ      1. ᠲᠣᠭᠲᠠᠮᠠᠯ ᠬᠥᠷᠥᠩᠭᠡ ᠶᠢᠨ ᠶᠡᠷᠦᠩᠬᠡᠶ ᠲᠤᠭ᠎ᠠ ᠶᠢ 100 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠡᠰᠠᠬᠦᠯ᠎ᠠ  ᠳᠠᠩᠰᠠᠯᠠᠭᠤᠯᠤᠭᠰᠠᠨ ᠪᠡᠯᠡ ᠮᠥᠩᠭᠦ ᠶᠢ 200 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃      2. ᠡᠵᠡᠩᠨᠡᠯᠲᠡ ᠶᠢᠨ ᠦᠨᠡᠮᠯᠡᠯ ᠲᠠᠢ ᠪᠥᠭᠡᠳ ᠬᠡᠪ ᠤᠨ ᠡᠵᠡᠩᠨᠡᠯᠲᠡ ᠶᠢᠨ ᠪᠠᠶᠢᠳᠠᠯ ᠲᠠᠢ ᠪᠠᠶᠢᠵᠤ᠂ ᠪᠠᠩᠬᠢ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠭᠡᠷ᠎ᠡ ᠠᠴᠠ ᠵᠥᠷᠢᠴᠡᠭᠰᠡᠨ ᠵᠡᠷᠭᠡ ᠮᠠᠭᠤ ᠲᠡᠮᠳᠡᠭᠯᠡᠯ ᠪᠠᠶᠢᠬᠤ ᠦᠭᠡᠢ ᠂ ᠲᠤᠬᠠᠶ ᠶᠢᠨ ᠭᠠᠵᠠᠷ ᠤᠨ ᠤᠯᠠᠨ ᠲᠦᠮᠡᠨ ᠤ ᠳᠤᠮᠳᠠ ᠮᠠᠭᠲᠠᠭᠠᠯ ᠰᠠᠶᠢᠰᠢᠶᠠᠯ ᠢ ᠣᠯᠤᠭᠰᠠᠨ᠃ ᠡᠯ᠎ᠡ ᠪᠠᠯᠭᠠᠰᠤ ᠨᠢ ᠴᠢ ᠰᠢᠨ ᠪᠣᠣ᠂ ᠲᠢᠶᠠᠨ ᠶᠠᠨ ᠢᠶᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠯᠠᠪᠯᠠᠵᠤ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠳᠤ ᠬᠥᠷᠬᠦ ᠥᠬᠡᠶ ᠪᠣᠯ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠪᠠᠷ ᠣᠷᠣᠭᠤᠯᠵᠤ ᠪᠣᠯᠬᠤ ᠥᠬᠡᠶ᠃      3. ︽ᠨᠢᠭᠡ ᠪᠠᠯᠭᠠᠰᠤ ᠨᠢᠭᠡ ᠣᠶᠢᠯᠡᠰ︾᠂ ︽ᠨᠢᠭᠡ ᠲᠣᠰᠬᠤᠨ ᠨᠢᠭᠡ ᠣᠶᠢᠯᠡᠳᠬᠦᠨ︾ ᠤ ᠣᠨᠴᠠᠯᠢᠭᠲᠤ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠣᠶ ᠶᠢᠨ ᠪᠦᠲᠦᠭᠡᠭᠳᠡᠬᠦᠨ᠂ ᠵᠢᠭᠤᠯᠴᠢᠯᠠᠯ ᠤᠨ ᠬᠥᠭᠵᠢᠯᠲᠡ ᠶᠢ ᠬᠥᠭᠵᠢᠭᠦᠯᠬᠦ ᠵᠢᠴᠢ ᠰᠤᠯᠠ ᠪᠠᠶᠢᠭ᠎ᠠ ᠡᠳ᠋ ᠬᠥᠷᠥᠩᠭᠡ ᠶᠢ ᠴᠢᠯᠥᠭᠡᠲᠡᠶ ᠪᠣᠯᠭᠠᠵᠤ ᠳᠡᠶᠢᠯᠬᠦ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢ ᠤᠷᠢᠳᠠᠪᠠᠷ ᠰᠣᠩᠭᠤᠨ᠎ᠠ᠃      ︵ᠲᠦᠷᠪᠡ︶ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠡᠭᠦᠷᠭᠡᠯᠡᠬᠦ ᠶᠣᠰᠣᠲᠠᠶ ᠬᠠᠷᠢᠭᠤᠴᠠᠯᠭ᠎ᠠ      1. ᠡᠷᠬᠡᠪᠰᠢ ᠲᠠᠷᠢᠶᠠᠴᠢᠳ ᠢ ᠬᠤᠯᠪᠣᠭᠠᠯᠠᠵᠤ ᠲᠠᠷᠢᠶᠠᠴᠢᠳ ᠢ ᠳᠠᠶᠢᠴᠢᠯᠠᠬᠤ ᠵᠢᠱᠢᠭᠰᠡᠨ ᠦᠷ᠎ᠡ ᠠᠰᠢᠭ ᠢ ᠪᠡᠶᠡᠯᠡᠭᠦᠯᠵᠦ᠂ ᠲᠠᠷᠢᠶᠠᠴᠢᠳ ᠢ ᠬᠤᠯᠪᠣᠭᠠᠯᠠᠵᠤ ᠲᠠᠷᠢᠶᠠᠴᠢᠳ ᠢ ᠳᠠᠶᠢᠴᠢᠯᠠᠬᠤ ᠶᠡᠷᠦᠩᠬᠡᠶᠢᠯᠡᠭᠰᠡᠨ ᠦᠷ᠎ᠡ ᠠᠰᠢᠭ ᠢ ᠪᠠᠯᠭᠠᠰᠤ ︵ᠲᠣᠰᠬᠤᠨ ᠤ ᠬᠠᠮᠲᠤ ᠨᠡᠶᠢᠲᠡ︶ ᠶᠢᠨ ᠣᠷᠣᠭᠤᠯᠤᠯᠲᠠ ᠶᠢᠨ ᠪᠠᠯᠠ ᠮᠥᠩᠭᠦ ᠶᠢᠨ ᠬᠡᠪᠴᠢᠶ᠎ᠡ ︵ᠡᠳ᠋ ᠬᠥᠷᠥᠩᠭᠡ ᠶᠢᠨ ᠣᠳᠣᠬᠢ ᠥᠷᠲᠡᠭ︶ ᠶᠢᠨ 10% ᠠᠴᠠ ᠳᠡᠭᠡᠭᠰᠢ ᠳᠤ ᠬᠦᠷᠦᠭᠦᠯᠥᠭᠰᠠᠨ ᠪᠠᠶᠢᠪᠡᠯ ᠲᠦᠷᠢᠶᠡᠰᠦᠨ ᠮᠥᠩᠭᠦ ᠶᠢ ᠭᠡᠯᠳᠦᠷᠢᠭᠦᠯᠵᠦ ᠪᠣᠯᠤᠨ᠎ᠠ᠃ ᠲᠠᠷᠢᠶᠠᠴᠢᠳ ᠢ ᠬᠤᠯᠪᠣᠭᠠᠯᠠᠵᠤ ᠲᠠᠷᠢᠶᠠᠴᠢᠳ ᠢ ᠳᠠᠶᠢᠴᠢᠯᠠᠬᠤ ᠡᠯ᠎ᠡ ᠵᠦᠢᠯ ᠤᠨ ᠦᠷ᠎ᠡ ᠠᠰᠢᠭ ᠢ ᠪᠤᠳᠤᠬᠤ ᠠᠷᠭ᠎ᠠ ᠨᠢ ᠳᠣᠣᠷᠠᠬᠢ ᠮᠡᠲᠦ᠄      ︵1︶ ᠲᠠᠷᠢᠶᠠᠴᠢᠳ ᠤᠨ ᠠᠵᠢᠯ ᠣᠯᠭᠤᠯᠲᠠ ᠶᠢᠨ ᠦᠷ᠎ᠡ ᠠᠰᠢᠭ ᠢ ᠪᠤᠳᠤᠬᠤ ᠠᠷᠭ᠎ᠠ᠄ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠡᠶᠡᠴᠢ ᠴᠣᠭᠴᠠ᠂ ᠲᠠᠷᠢᠶᠠᠴᠢᠳ ᠢ ᠲᠤᠰ ᠬᠤᠷᠰᠢᠶ᠎ᠠ ︵ᠺᠣᠮᠫᠠᠨᠢ︶ ᠳᠤ ᠣᠷᠣᠭᠤᠯᠤᠨ ᠠᠵᠢᠯᠯᠠᠭᠤᠯᠵᠤ᠂ ᠴᠠᠯᠢᠩ ᠤᠨ ᠣᠷᠣᠯᠭ᠎ᠠ ᠨᠢ ᠠᠵᠢᠯ ᠣᠯᠭᠤᠯᠲᠠ ᠶᠢᠨ ᠦᠷ᠎ᠡ ᠠᠰᠢᠭ ᠢ ᠲᠠᠶᠢᠴᠢᠯᠠᠨ᠎ᠠ ᠃ 100 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠬᠤ ᠪᠦᠷᠢ ᠳᠤ᠂ ᠨᠠᠭᠠᠳᠤ ᠵᠠᠬ᠎ᠠ ᠳᠠᠭᠠᠨ ᠲᠤᠰ ᠭᠠᠵᠠᠷ ᠤᠨ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ ᠳᠠᠶᠢᠴᠢᠯᠠᠨ ᠵᠢᠯ ᠲᠤᠷᠰᠢ 1 ᠬᠥᠮᠦᠨ ᠪᠤᠶᠤ 6 ᠰᠠᠷ᠎ᠠ ᠠᠴᠠ ᠳᠡᠭᠡᠭᠰᠢ 2 ᠬᠥᠮᠦᠨ ᠳᠤ ᠲᠣᠭᠲᠠᠭᠤᠨ ᠢᠶᠠᠷ ᠠᠵᠢᠯ ᠣᠯᠭᠤᠵᠤ᠂ 100 ᠡᠳᠦᠷ ᠠᠴᠠ ᠳᠡᠭᠡᠭᠰᠢ 3 ᠬᠥᠮᠦᠨ ᠳᠤ ᠠᠮᠢᠳᠤᠯᠢᠭ ᠢᠶᠠᠷ ᠠᠵᠢᠯ ᠣᠯᠭᠤᠨ᠎ᠠ᠃ ᠡᠭᠦᠨ ᠤ ᠬᠠᠮᠲᠤ ᠭᠤᠣᠯ ᠴᠣᠭᠴᠠ ᠠᠴᠠ ᠴᠠᠯᠢᠩ ᠥᠭᠬᠦ ᠳᠡᠭᠡᠨ ᠬᠥᠯᠥᠰᠥᠨ ᠠᠵᠢᠯ ᠬᠢᠭᠰᠡᠳ ᠤᠨ ᠭᠠᠷ ᠤᠨ ᠦᠰᠦᠭ ᠵᠢᠷᠤᠭᠰᠠᠨ ᠴᠠᠯᠢᠩ ᠤᠨ ᠬᠦᠰᠦᠨᠦᠭᠲᠦ ᠪᠠᠷ ᠪᠠᠷᠢᠮᠵᠢᠶ᠎ᠠ ᠪᠣᠯᠭᠠᠵᠤ᠂ ᠸᠢᠴᠠᠲ ᠢᠶᠠᠷ ᠳᠠᠩᠰᠠ ᠰᠢᠯᠵᠢᠭᠦᠯᠬᠦ ᠪᠤᠶᠤ ᠬᠠᠳᠠᠭᠠᠯᠠᠮᠵᠢ ᠶᠢᠨ ᠺᠠᠷᠲ ︵ᠢᠲᠡᠭᠡᠮᠵᠢ ᠶᠢᠨ ᠺᠠᠷᠲ︶ ᠢᠶᠠᠷ ᠳᠠᠩᠰᠠ ᠰᠢᠯᠵᠢᠭᠦᠯᠵᠦ ᠲᠠᠷᠢᠶᠠᠴᠢᠨ ᠡᠷᠦᠬᠡ ᠳᠤ ᠥᠭᠭᠦᠨ᠎ᠡ᠂ ᠳᠠᠩᠰᠠ ᠰᠢᠯᠵᠢᠭᠦᠯᠦᠭᠰᠡᠨ ᠭᠡᠷᠡᠴᠢ ᠪᠠᠷᠢᠮᠲᠠ ᠪᠠᠷ ᠦᠨᠳᠦᠰᠦᠯᠡᠯ ᠪᠣᠯᠭᠠᠨ᠎ᠠ᠂ ᠪᠡᠯᠡᠨ ᠵᠣᠭᠤᠰ ᠥᠭᠴᠦ ᠪᠣᠯᠬᠤ ᠦᠭᠡᠢ᠃      ︵2︶ ᠵᠠᠬᠢᠶᠠᠯᠠᠭ᠎ᠠ ᠶᠢᠨ ᠲᠠᠷᠢᠶᠠᠯᠠᠩ ᠤᠨ ᠦᠷ᠎ᠡ ᠠᠰᠢᠭ ᠢ ᠪᠤᠳᠤᠬᠤ ᠠᠷᠭ᠎ᠠ᠄ ︵ᠵᠠᠬᠢᠶᠠᠯᠠᠭ᠎ᠠ ᠶᠢᠨ ᠦᠨ᠎ᠡ ᠬᠠᠩᠰᠢ ᠠᠴᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠠᠰᠤᠨ᠎ᠠ︶ ᠪᠣᠷᠣᠯᠠᠭᠤᠯᠭ᠎ᠠ ᠶᠢᠨ ᠬᠡᠮᠵᠢᠶ᠎ᠡ ᠪᠣᠯ ᠵᠠᠬᠢᠶᠠᠯᠠᠭ᠎ᠠ ᠶᠢᠨ ᠲᠠᠷᠢᠶᠠᠯᠠᠩ ᠤᠨ ᠦᠷ᠎ᠡ ᠠᠰᠢᠭ ᠪᠣᠯᠤᠨ᠎ᠠ᠂ ᠵᠠᠬᠢᠶᠠᠯᠠᠭ᠎ᠠ ᠶᠢᠨ ᠦᠨ᠎ᠡ ᠬᠠᠩᠰᠢ ᠶᠢ ᠵᠠᠬᠢᠶᠠᠯᠠᠭ᠎ᠠ ᠶᠢᠨ ᠭᠡᠷ᠎ᠡ ᠪᠠᠷ ᠭᠡᠷᠡᠴᠢᠯᠡᠨ᠎ᠡ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠪᠠᠯᠭᠠᠰᠤ ᠪᠠ ᠪᠡᠶᠡᠴᠢ ᠴᠣᠭᠴᠠ ᠠᠴᠠ ᠬᠠᠮᠲᠤ ᠪᠠᠷ ᠪᠠᠶᠢᠴᠠᠭᠠᠵᠤ ᠲᠣᠭᠲᠠᠭᠠᠨ᠎ᠠ᠃ ᠪᠣᠷᠣᠯᠠᠭᠤᠯᠤᠭᠰᠠᠨ ᠬᠡᠮᠵᠢᠶ᠎ᠡ ᠶᠢ ᠲᠠᠷᠢᠶᠠᠴᠢᠨ ᠤ ᠭᠠᠷ ᠤᠨ ᠦᠰᠦᠭ ᠵᠢᠷᠤᠵᠤ ᠨᠤᠲᠠᠯᠠᠭᠰᠠᠨ ᠪᠣᠷᠣᠯᠠᠭᠤᠯᠤᠭᠰᠠᠨ ᠭᠡᠷᠡᠴᠢ ︵ᠳᠠᠭᠠᠯᠳᠤᠭᠤᠯᠤᠯ 1 ᠶᠢ ᠦᠵᠡ︶ ᠪᠠᠷ ᠪᠠᠷᠢᠮᠵᠢᠶ᠎ᠠ ᠪᠣᠯᠭᠠᠨ᠎ᠠ᠃      ︵3︶ ᠲᠠᠷᠢᠶᠠᠯᠠᠩ ᠤᠨ ᠪᠦᠲᠦᠭᠡᠭᠳᠡᠬᠦᠨ ᠤ ᠣᠷᠣᠯᠠᠨ ᠪᠣᠷᠣᠯᠠᠭᠤᠯᠬᠤ ᠦᠷ᠎ᠡ ᠠᠰᠢᠭ ᠢ ᠪᠤᠳᠤᠬᠤ ᠠᠷᠭ᠎ᠠ᠄      ᠲᠠᠷᠢᠶᠠᠯᠠᠩ ᠤᠨ ᠪᠦᠲᠦᠭᠡᠭᠳᠡᠬᠦᠨ ᠢ ᠣᠷᠣᠯᠠᠨ ᠪᠣᠷᠣᠯᠠᠭᠤᠯᠬᠤ ᠦᠷ᠎ᠡ ᠠᠰᠢᠭ = ᠲᠠᠷᠢᠶᠠᠯᠠᠩ ᠤᠨ ᠪᠦᠲᠦᠭᠡᠭᠳᠡᠬᠦᠨ ᠢ ᠣᠷᠣᠯᠠᠨ ᠪᠣᠷᠣᠯᠠᠭᠤᠯᠬᠤ ᠬᠡᠮᠵᠢᠶ᠎ᠡ      ① ᠪᠣᠳᠠᠲᠠᠶ ᠪᠣᠷᠣᠯᠠᠭᠤᠯᠬᠤ ᠦᠨ᠎ᠡ ᠶᠢ ᠳᠠᠩᠰᠠ ᠰᠢᠯᠵᠢᠭᠦᠯᠦᠭᠰᠡᠨ ᠭᠡᠷᠡᠴᠢ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃      ② ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠬᠡᠮᠵᠢᠶ᠎ᠡ ᠶᠢ ᠲᠠᠷᠢᠶᠠᠴᠢᠨ ᠡᠷᠦᠬᠡ ᠶᠢᠨ ᠭᠠᠷ ᠤᠨ ᠦᠰᠦᠭ ᠵᠢᠷᠤᠭᠰᠠᠨ ᠪᠣᠷᠣᠯᠠᠭᠤᠯᠤᠯᠲᠠ ᠶᠢᠨ ᠭᠡᠷᠡᠴᠢ ᠪᠠᠷ ᠪᠠᠷᠢᠮᠵᠢᠶ᠎ᠠ ᠪᠣᠯᠭᠠᠨ᠎ᠠ᠂ ᠪᠣᠳᠠᠲᠠᠶ ᠣᠷᠣᠯᠠᠨ ᠪᠣᠷᠣᠯᠠᠭᠤᠯᠬᠤ ᠦᠨ᠎ᠡ ᠶᠢ ᠳᠠᠩᠰᠠ ᠰᠢᠯᠵᠢᠭᠦᠯᠦᠭᠰᠡᠨ ᠭᠡᠷᠡᠴᠢ ᠪᠠᠷ ᠪᠠᠷᠢᠮᠵᠢᠶ᠎ᠠ ᠪᠣᠯᠭᠠᠨ᠎ᠠ᠂ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠶᠢ ᠪᠠᠯᠭᠠᠰᠤ ᠪᠣᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠠᠴᠠ ᠬᠠᠮᠲᠤ ᠪᠠᠷ ᠪᠠᠶᠢᠴᠠᠭᠠᠵᠤ ᠲᠣᠭᠲᠠᠭᠠᠨ᠎ᠠ᠃      ③ ᠵᠠᠬ᠎ᠠ ᠳᠡᠯᠭᠡᠭᠦᠷ ᠤᠨ ᠦᠨ᠎ᠡ ᠶᠢᠨ ᠨᠤᠲᠠᠯᠠᠯᠲᠠ ᠨᠢ ᠡᠮᠦᠨᠡᠬᠢ ᠵᠣᠷᠪᠣᠰ ᠤᠨ ᠱᠠᠭᠠᠷᠳᠠᠯᠭ᠎ᠠ ᠲᠠᠢ ᠠᠳᠠᠯᠢ᠃      ︵4︶ ᠬᠠᠮᠠᠭᠠᠯᠠᠯᠲᠠ ᠶᠢᠨ ᠦᠨ᠎ᠡ ᠪᠠᠷ ᠪᠣᠷᠣᠯᠠᠭᠤᠯᠬᠤ ᠳᠠᠭᠠᠨ ᠵᠠᠬᠢᠶᠠᠯᠠᠭ᠎ᠠ ᠶᠢᠨ ᠲᠠᠷᠢᠶᠠᠯᠠᠩ ᠤᠨ ᠲᠠᠷᠢᠶᠠᠴᠢᠳ ᠢ ᠬᠤᠯᠪᠣᠭᠠᠯᠡᠨ ᠲᠠᠷᠢᠶᠠᠴᠢᠳ ᠢ ᠳᠠᠶᠢᠴᠢᠯᠠᠬᠤ ᠦᠷ᠎ᠡ ᠠᠰᠢᠭ ᠢ ᠪᠤᠳᠤᠬᠤ ᠠᠷᠭ᠎ᠠ ᠪᠠᠷ ᠯᠠᠪᠯᠠᠯᠲᠠ ᠪᠣᠯᠭᠠᠨ᠎ᠠ᠃      ︵5︶ ᠬᠡᠷᠪᠡ ᠶᠡᠷᠦᠩᠬᠡᠶ ᠦᠷ᠎ᠡ ᠠᠰᠢᠭ ᠨᠢ ᠣᠷᠣᠭᠤᠯᠤᠭᠰᠠᠨ ᠪᠠᠯᠠ ᠮᠥᠩᠭᠦ ᠶᠢᠨ ᠬᠡᠪᠴᠢᠶ᠎ᠡ ︵ᠡᠳ᠋ ᠬᠥᠷᠥᠩᠭᠡ ᠶᠢᠨ ᠣᠲᠣ ᠶᠢᠨ ᠥᠷᠲᠡᠭ︶ ᠶᠢᠨ 10% ᠳᠤ ᠬᠦᠷᠴᠦ ᠳᠡᠶᠢᠯᠬᠦ ᠥᠬᠡᠶ ᠪᠣᠯ᠂ ᠲᠦᠷᠢᠶᠡᠰᠦᠨ ᠮᠥᠩᠭᠦ ᠶᠢ ᠣᠷᠣᠭᠤᠯᠤᠭᠰᠠᠨ ᠪᠠᠯᠠ ᠮᠥᠩᠭᠦ ᠶᠢᠨ ᠬᠡᠪᠴᠢᠶ᠎ᠡ ︵ᠡᠳ᠋ ᠬᠥᠷᠥᠩᠭᠡ ᠶᠢᠨ ᠣᠲᠣ ᠶᠢᠨ ᠥᠷᠲᠡᠭ︶ ᠶᠢᠨ 4% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃      ᠲᠥᠷᠥᠯ ᠵᠣᠶᠢᠯ ᠤᠨ ᠡᠮᠦᠨᠡᠬᠢ ᠬᠤᠭᠤᠴᠠᠭᠠᠨ ᠤ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠨᠢ ᠪᠤᠰᠤᠳ ᠬᠠᠪᠰᠤᠷᠤᠨ ᠲᠡᠳᠬᠦᠬᠦ ᠪᠠᠯᠠ ᠮᠥᠩᠭᠦ ᠶᠢᠨ ᠲᠥᠷᠥᠯ ᠵᠣᠶᠢᠯ ᠲᠠᠢ ᠠᠳᠠᠯᠢ ᠪᠠᠶᠢᠵᠤ᠂ ᠬᠢᠨᠠᠨ ᠵᠥᠪᠰᠢᠶᠡᠷᠡᠬᠦ᠂ ᠵᠠᠷᠯᠠᠨ ᠨᠡᠶᠢᠲᠡᠯᠡᠬᠦ ᠲᠠᠰ ᠳᠠᠷᠠᠭᠠᠯᠠᠯ ᠢ ᠬᠦᠢᠴᠡᠳᠬᠡᠨ᠎ᠡ ︵ᠦᠩᠭᠡᠷᠡᠭᠰᠠᠨ ᠣᠨ ᠤ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠡᠳ᠋ ᠬᠥᠷᠥᠩᠭᠡ ᠶᠢ ᠬᠡᠷᠡᠭᠯᠡᠬᠦ ᠪᠠᠷ ᠮᠡᠳᠡᠭᠦᠯᠬᠦ ᠡᠵᠡᠩᠨᠡᠯᠲᠡ ᠶᠢᠨ ᠭᠤᠤᠯ ᠴᠣᠭᠴᠠ ᠶᠢᠨ ᠲᠠᠰ ᠳᠠᠷᠠᠭᠠᠯᠠᠯ ᠢ ᠵᠣᠬᠢᠬᠤ ᠬᠡᠮᠵᠢᠶ᠎ᠡ ᠪᠠᠷ ᠪᠠᠭᠠᠰᠬᠠᠵᠤ ᠪᠣᠯᠤᠨ᠎ᠠ᠂ ᠪᠠᠯᠭᠠᠰᠤᠨ ᠤ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠤᠯᠵᠤ ᠪᠠᠲᠤᠯᠠᠭᠤᠯᠬᠤ ᠶᠢᠨ ᠬᠠᠮᠲᠤ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠳᠠᠷᠤᠶ ᠲᠠᠷᠢᠶᠠᠴᠢᠳ ᠢ ᠬᠤᠯᠪᠣᠭᠠᠯᠡᠨ ᠲᠠᠷᠢᠶᠠᠴᠢᠳ ᠢ ᠳᠠᠶᠢᠴᠢᠯᠠᠬᠤ ᠵᠥᠪᠯᠡᠯᠴᠡᠭᠡᠷ ᠲᠣᠭᠲᠠᠵᠤ ᠪᠣᠯᠤᠨ᠎ᠠ︶᠃      ︵ᠲᠠᠪᠤ︶ ᠬᠡᠷᠡᠭᠵᠢᠭᠦᠯᠬᠦ ᠲᠡᠰ ᠳᠠᠷᠠᠭᠠᠯᠠᠯ      ︵ᠨᠢᠭᠡ︶ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠰᠣᠩᠭᠤᠨ᠎ᠠ  ᠃      ︵ᠬᠤᠶᠠᠷ︶ ᠪᠠᠯᠭᠠᠰᠤᠨ ᠤ ᠵᠠᠰᠠᠭ ᠤᠨ ᠣᠷᠳᠣᠨ ᠠᠴᠠ ᠪᠡᠶᠡᠴᠢ ᠴᠣᠭᠴᠠ ᠶᠢ ᠲᠡᠳᠬᠦᠨ ᠳᠡᠮᠵᠢᠬᠦ ᠪᠡᠯᠡ ᠮᠥᠩᠭᠦ ᠶᠢᠨ ᠲᠤᠭ᠎ᠠ ᠬᠡᠮᠵᠢᠶ᠎ᠡ ᠶᠢ ᠲᠣᠭᠲᠠᠭᠠᠨ᠎ᠠ᠃      ︵ᠭᠤᠷᠪᠠ︶ ᠡᠵᠡᠩᠨᠡᠯᠲᠡ ᠶᠢᠨ ᠭᠤᠤᠯ ᠴᠣᠭᠴᠠ ᠶᠢᠨ ᠰᠣᠩᠭᠤᠬᠤ  ᠲᠣᠨᠤᠭ ᠲᠥᠬᠦᠭᠡᠷᠦᠮᠵᠢ ᠶᠢᠨ ᠲᠥᠷᠥᠯ ᠬᠡᠯᠪᠡᠷᠢ᠃      ︵ᠲᠦᠷᠪᠡ︶ ᠪᠠᠯᠭᠠᠰᠤᠨ ᠤ ᠵᠠᠰᠠᠭ ᠤᠨ ᠣᠷᠳᠣᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠪᠢᠴᠢᠬᠦ ᠶᠢᠨ ᠬᠠᠮᠲᠤ ᠬᠢᠨᠠᠨ ᠶᠠᠷᠢᠯᠴᠠᠭᠰᠠᠨ ᠤ ᠲᠠᠷᠠᠭ᠎ᠠ ᠬᠤᠯᠪᠣᠭᠳᠠᠯ ᠪᠦᠬᠦᠢ ᠭᠠᠷ ᠭᠦᠢᠴᠡᠳᠬᠡᠯ ᠢ ᠡᠬᠢᠯᠡᠵᠦ ᠬᠦᠢᠴᠡᠳᠭᠡᠨ᠎ᠠ᠃      ︵ᠲᠠᠪᠤ︶ ᠠᠰᠢᠭ ᠬᠦᠷᠲᠡᠬᠦ  ᠲᠣᠰᠬᠤᠨ ᠨᠠᠶᠢᠳᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠨ᠎ᠠ  ᠃      ︵ᠵᠢᠷᠭᠤᠭ᠎ᠠ︶ ᠪᠠᠯᠭᠠᠰᠤᠨ ᠤ ᠵᠠᠰᠠᠭ ᠤᠨ ᠣᠷᠳᠣᠨ ᠨᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠲᠠᠢ ᠬᠡᠯᠡᠯᠴᠡᠭᠡᠷ ᠲᠣᠭᠲᠠᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠡᠭᠦᠷᠭᠡ ᠶᠢ ᠲᠣᠳᠣᠷᠬᠠᠶᠢᠯᠠᠨ᠎ᠠ᠃      ︵ᠲᠤᠯᠤᠭ᠎ᠠ︶ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠬᠡᠯᠡᠯᠴᠡᠭᠡᠷ ᠢ ᠭᠦᠢᠴᠡᠳᠬᠡᠨ᠎ᠠ᠃      ︵ᠨᠠᠢᠮᠠ︶ ᠲᠥᠷᠥᠯ ᠵᠣᠶᠢᠯ ᠤᠨ ᠮᠡᠳᠡᠭᠦᠯᠦᠯᠲᠡ ᠶᠢ 2024 ᠣᠨ ᠤ 4 ᠰᠠᠷ᠎ᠠ ᠶᠢᠨ 22 ᠤᠨ ᠡᠳᠦᠷ ᠳᠠᠭᠤᠰᠤᠨ᠎ᠠ᠃      ︵ᠶᠢᠰᠦ︶ ᠪᠠᠯᠭᠠᠰᠤ ᠪᠠ  ᠲᠣᠰᠬᠤᠨ ᠢᠶᠠᠷ ᠰᠢᠯᠭᠠᠨ ᠠᠪᠬᠤ ᠬᠠᠮᠲᠤᠷᠠᠭᠰᠠᠨ ᠳᠤᠭᠤᠶᠢᠯᠠᠩ ᠪᠠᠶᠢᠭᠤᠯᠵᠤ᠂ ᠵᠢᠯ ᠪᠦᠷᠢ ᠶᠢᠨ ᠬᠡᠯᠡᠯᠴᠡᠭᠡᠷ ᠤᠨ ᠬᠤᠭᠤᠴᠠᠭ᠎ᠠ ᠲᠤᠯᠬᠤ ᠠᠴᠠ ᠨᠢᠭᠡ ᠰᠠᠷ᠎ᠠ ᠶᠢᠨ ᠡᠮᠦᠨ᠎ᠡ ᠭᠦᠢᠴᠡᠳᠬᠡᠭᠰᠠᠨ ᠪᠠᠶᠢᠳᠠᠯ ᠢ ᠰᠢᠯᠭᠠᠨ ᠠᠪᠤᠨ᠎ᠠ᠂ ᠰᠢᠯᠭᠠᠨ ᠠᠪᠬᠤ ᠠᠭᠤᠯᠭ᠎ᠠ ᠳᠤ ᠲᠥᠬᠦᠭᠡᠷᠦᠮᠵᠢ ᠶᠢ ᠬᠡᠷᠡᠭᠯᠡᠭᠰᠡᠨ ᠪᠠᠶᠢᠳᠠᠯ᠂ ᠲᠠᠷᠢᠶᠠᠴᠢᠳ ᠢ ᠳᠠᠭᠠᠭᠤᠯᠤᠨ ᠣᠷᠣᠯᠭ᠎ᠠ ᠶᠢ ᠨᠡᠮᠡᠭᠳᠡᠭᠦᠯᠦᠭᠰᠡᠨ ᠦᠷ᠎ᠡ ᠪᠦᠲᠦᠮᠵᠢ ᠶᠢ ᠪᠠᠭᠲᠠᠭᠠᠵᠤ᠂ ᠡᠷᠦᠭᠡ ᠳᠠᠷᠠᠭᠠᠯᠠᠨ ᠥᠷᠨᠢᠭᠦᠯᠬᠦ ᠶᠢᠨ ᠬᠠᠮᠲᠤ ᠲᠠᠷᠢᠶᠠᠴᠢᠳ ᠢ ᠳᠠᠶᠢᠴᠢᠯᠠᠬᠤ ᠨᠤᠲᠠᠯᠠᠯᠲᠠ ᠶᠢᠨ ᠪᠢᠴᠢᠭ ᠪᠠᠶᠢᠬᠤ ᠬᠡᠷᠡᠭᠲᠡᠶ᠃      ᠲᠣᠰ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠨᠡᠶᠢᠲᠡᠯᠡᠨ᠎ᠡ᠂ ᠬᠡᠷᠪᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠦᠷᠢᠨ ᠪᠦᠲᠦᠨ ᠣᠶᠢᠯᠠᠭᠠᠬᠤ ᠴᠢᠬᠤᠯᠠᠲᠠᠶ ᠪᠣᠯ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠥᠷᠥᠯ ᠵᠣᠶᠢᠯ ᠤᠨ ᠬᠡᠷᠡᠭᠵᠢᠭᠦᠯᠬᠦ ᠲᠥᠰᠦᠯ ᠢ ᠪᠠᠶᠢᠴᠠᠭᠠᠨ ᠦᠵᠡᠬᠦ ᠪᠤᠶᠤ ᠠᠰᠠᠭᠤᠨ ᠯᠠᠪᠯᠠᠬᠤ ᠤᠲᠠᠰᠤ ᠠᠪᠤᠭᠠᠷᠠᠶ᠃      ᠯᠠᠪᠯᠠᠬᠤ ᠤᠲᠠᠰᠤ᠄ 0482 — 7123203      ᠠᠰᠠᠭᠤᠨ ᠯᠠᠪᠯᠠᠬᠤ ᠬᠠᠶ᠋ᠢᠭ᠄ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 4 ᠳ᠋ᠣᠭᠡᠷ ᠳᠠᠪᠬᠤᠷᠭ᠎ᠠ ᠶᠢᠨ 410 ᠠᠯᠪᠠᠨ ᠬᠡᠷ
 
ᠢᠷᠡᠯᠲᠡ᠄ ᠷᠡᠰᠢᠶᠠᠨ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号