【 ᠦᠰᠦᠭ ᠪᠢᠴᠢᠭ ᠢᠶᠠᠷ ᠦᠬᠦᠯᠡᠬᠦᠢ 】  ︽ᠷᠠᠰᠢᠶᠠᠨ ᠬᠤᠲᠠ ᠶᠢᠨ ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ ᠢ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2024/6/19
     ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠠᠰᠢᠭᠯᠠᠠ᠂ ᠣᠯᠠᠨ ᠲᠦᠮᠡᠨ ᠳᠤ ᠲᠣᠰ ᠲᠥᠰᠦᠯ ᠢ ᠨᠠᠩ ᠲᠣᠳᠣᠷᠬᠠᠶ ᠣᠶᠢᠯᠠᠭᠠᠭᠤᠯᠬᠤ ᠶᠢᠨ ᠲᠤᠰᠠᠳᠠ᠂ ᠡᠳᠦᠭᠡ ᠮᠠᠨ ᠤ ᠨᠢᠭᠡᠴᠢ ᠲᠣᠰ ᠲᠥᠰᠦᠯ ᠳᠤ ᠴᠢᠭᠯᠡᠭᠦᠯᠦᠨ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃      ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠶ ᠪᠠᠶᠢᠳᠠᠯ      ᠰᠢ ᠶᠢᠨ ᠫᠢᠩ ᠶᠠᠷᠣᠩᠭᠡᠢ ᠱᠦᠵᠢ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠣᠨ᠂ ᠶᠡᠷᠦᠩᠬᠡᠢ ᠱᠦᠵᠢ ᠰᠢ ᠶᠢᠨ ᠫᠢᠩ  ᠤᠨ ᠲᠤᠰᠢᠶᠠᠭᠰᠠᠨ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠡᠭᠦᠷᠭᠡ ᠶᠢ ᠰᠠᠶᠢᠲᠤᠷ ᠪᠡᠶᠡᠯᠡᠭᠦᠯᠬᠦ  ᠶᠢᠨ ᠲᠥᠯᠥᠭᠡ ᠶᠣᠮ᠃      ᠬᠤᠶᠠᠷ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠦᠨᠳᠦᠰᠦᠯᠡᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠬᠰᠣᠭᠠᠬᠤ ᠪᠠ ᠪᠡᠯᠴᠢᠭᠡᠷ ᠢ ᠠᠮᠠᠷᠡᠭᠤᠯᠬᠤ ᠲᠦᠷᠢᠮ︾      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠣᠯᠳᠡ ᠶᠢᠨ ᠭᠡᠷᠡᠭᠵᠢᠬᠦᠯᠬᠦ ᠨᠠᠷᠢᠨ ᠲᠦᠷᠢᠮ︾      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠳᠤᠭ ᠪᠡᠯᠴᠢᠭᠡᠷ ᠢ ᠬᠠᠮᠠᠭᠠᠯᠠᠬᠤ ᠦᠨᠳᠣᠰᠣᠨ ᠲᠦᠷᠢᠮ︾      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠣᠯᠳᠡ ᠶᠢᠨ ᠲᠦᠷᠢᠮ︾      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ᠬᠠᠣᠯᠢ︾ ᠵᠡᠷᠭᠡ ᠶᠢ ᠦᠨᠳᠣᠰᠣᠯᠠᠵᠣ ᠲᠣᠰ ᠲᠦᠰᠣᠯ ᠢ ᠨᠠᠶᠢᠷᠡᠭᠤᠯᠪᠡ᠃      ᠭᠤᠷᠪᠠ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠵᠣᠷᠢᠯᠭ᠎ᠠ      ᠬᠠᠤᠯᠢ ᠲᠣᠭᠲᠠᠭᠠᠯ ᠠᠴᠠ ᠵᠥᠷᠢᠴᠡᠵᠤ ᠮᠠᠯ ᠮᠠᠯᠯᠠᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠣᠶᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠥᠷᠢᠴᠡᠨ ᠮᠠᠯ ᠮᠠᠯᠯᠠᠬᠤ ᠦᠵᠡᠭᠳᠡᠯ ᠢ ᠪᠦᠲᠦᠮᠵᠢᠲᠡᠶ ᠬᠤᠷᠢᠭᠯᠠᠬᠤ ᠶᠢ ᠦᠨᠡᠨ ᠬᠦ ᠪᠠᠲᠤᠯᠠᠨ᠎ᠠ᠃ ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠮᠠᠨ ᠤ ᠬᠤᠲᠠ ᠶᠢᠨ ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ ᠤᠨ ᠱᠠᠭᠠᠷᠳᠠᠯᠭ᠎ᠠ ᠶᠢ ᠪᠡᠶᠡᠯᠡᠭᠦᠯᠦᠨ᠂ ᠲᠣᠰ ᠭᠠᠵᠠᠷ ᠣᠷᠣᠨ ᠤ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠪᠠ ᠠᠮᠢ ᠠᠬᠤᠶ ᠶᠢ ᠰᠡᠷᠭᠦᠭᠡᠬᠦ ᠬᠠᠷᠠᠯᠲᠠ ᠶᠢ ᠪᠡᠶᠡᠯᠡᠭᠦᠯᠦᠨ᠎ᠡ᠃      ᠳᠥᠷᠪᠡ᠂ ᠪᠢᠴᠢᠭ ᠮᠠᠲ᠋ᠧᠷᠢᠶᠠᠯ ᠤᠨ ᠬᠡᠷᠡᠭᠯᠡᠭᠳᠡᠬᠦ ᠬᠡᠪᠴᠢᠶ᠎ᠡ      ᠷᠠᠰᠢᠶᠠᠨ ᠬᠤᠲᠠ ᠶᠢᠨ ᠪᠥᠬᠦ  ᠬᠦᠷᠢᠶ᠎ᠠ ᠴᠠᠷᠠᠭᠠᠨ ᠳᠠᠬᠢ ᠪᠥᠬᠦ ᠵᠢᠯ ᠳᠤ ᠪᠡᠯᠴᠢᠭᠡᠷᠯᠡᠭᠦᠯᠬᠦ ᠶᠢ ᠵᠣᠬᠰᠣᠭᠠᠬᠤ ︵ᠷᠠᠰᠢᠶᠠᠨ ᠤ ᠰᠧᠨ ᠭᠥᠩ ᠺᠣᠮᠫᠠᠨᠢ᠂ ᠡᠤ ᠴᠠ ᠭᠸᠤ ᠣᠶ ᠰᠢᠭᠤᠶ ᠶᠢᠨ ᠲᠣᠪᠴᠢᠶ᠎ᠠ᠂ ᠪᠠᠶ ᠯᠠᠩ ᠣᠶ ᠰᠢᠭᠤᠶ ᠶᠢᠨ ᠲᠣᠪᠴᠢᠶ᠎ᠠ ᠶᠢᠨ ᠭᠡᠷ᠎ᠡ ᠲᠣᠭᠲᠠᠭᠰᠠᠨ ᠬᠤᠭᠤᠴᠠᠭᠠᠨ ᠳᠠᠬᠢ ᠬᠡᠷ ᠪᠦᠯᠢ ᠶᠢᠨ ᠠᠮᠢ ᠠᠬᠤᠶ ᠶᠢᠨ ᠣᠶ ᠰᠢᠭᠤᠶ ᠶᠢᠨ ᠲᠠᠯᠠᠪᠠᠶ ᠪᠠᠭᠲᠠᠬᠤ ᠥᠬᠡᠶ︶ ᠶᠢ ᠬᠡᠷᠡᠭᠵᠢᠭᠦᠯᠵᠦ᠂ ᠭᠤᠷᠪᠠᠨ ᠣᠶ ᠰᠢᠭᠤᠶ ᠶᠢᠨ ᠲᠣᠪᠴᠢᠶ᠎ᠠ ᠶᠢᠨ ᠬᠠᠷᠢᠶ᠎ᠠ ᠣᠷᠣᠨ ᠳᠠᠬᠢ ᠬᠡᠷ ᠪᠦᠯᠢ ᠶᠢᠨ ᠠᠮᠢ ᠠᠬᠤᠶ ᠶᠢᠨ ᠣᠶ ᠰᠢᠭᠤᠶ ᠶᠢᠨ ᠲᠠᠯᠠᠪᠠᠶ ᠶᠢ ᠣᠶ ᠰᠢᠭᠤᠶ ᠶᠢᠨ ᠭᠤᠷᠪᠠᠳᠤᠭᠠᠷ ᠲᠣᠪᠴᠢᠶ᠎ᠠ ᠠᠴᠠ ᠬᠠᠮᠢᠶᠠᠷᠤᠨ᠎ᠠ᠃      ᠲᠠᠪᠤ᠂ ᠭᠤᠣᠯ ᠠᠭᠤᠯᠭ᠎ᠠ      ︵ᠨᠢᠭᠡ︶ ᠷᠠᠰᠢᠶᠠᠨ ᠤ ᠰᠧᠨ ᠭᠥᠩ ᠺᠣᠮᠫᠠᠨᠢ᠂ ᠡᠤ ᠴᠠ ᠭᠸᠤ ᠣᠶ ᠰᠢᠭᠤᠶ ᠶᠢᠨ ᠲᠣᠪᠴᠢᠶ᠎ᠠ᠂ ᠪᠠᠶ ᠯᠠᠩ ᠣᠶ ᠰᠢᠭᠤᠶ ᠶᠢᠨ ᠲᠣᠪᠴᠢᠶ᠎ᠠ ᠨᠢ ᠬᠠᠷᠢᠶ᠎ᠠ ᠣᠷᠣᠨ ᠤ ᠪᠠᠨ ᠬᠡᠷ ᠪᠦᠯᠢ ᠶᠢᠨ ᠠᠮᠢ ᠠᠬᠤᠶ ᠶᠢᠨ ᠣᠶ ᠰᠢᠭᠤᠶ ᠶᠢᠨ ᠲᠠᠯᠠᠪᠠᠶ ᠶᠢᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠵᠢᠴᠢ ᠬᠦᠷᠢᠶ᠎ᠡ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠬᠢᠵᠠᠭᠠᠷ ᠠᠴᠠ ᠳᠠᠪᠠᠭᠤᠯᠤᠨ ᠮᠠᠯ ᠮᠠᠯᠯᠠᠵᠣ ᠪᠣᠯᠬᠤ ᠥᠬᠡᠶ᠃      ︵ᠬᠤᠶᠠᠷ︶ ᠦᠵᠡᠮᠵᠢ ᠶᠢᠨ ᠣᠷᠣᠨ ᠵᠢᠴᠢ ᠭᠤᠤᠯ ᠪᠣᠯᠬᠤ ᠵᠠᠰᠠᠮᠠᠯ ᠵᠠᠮ ᠤᠨ ᠬᠤᠶᠠᠷ ᠬᠠᠵᠠᠭᠤ ᠶᠢᠨ ᠨᠢᠳᠣᠨ ᠬᠠᠷᠡᠭᠠᠨ ᠳᠤ ᠦᠵᠡᠭᠳᠡᠬᠦ ᠬᠡᠪᠴᠢᠶᠠᠨ ᠳᠤ ᠭᠤᠤᠯᠳᠠᠯᠭ᠎ᠠ ᠲᠠᠢ ᠪᠡᠯᠴᠢᠭᠡᠷᠯᠡᠭᠦᠯᠬᠦ ᠶᠢ ᠵᠣᠬᠰᠣᠭᠠᠬᠤ ᠭᠠᠵᠠᠷ ᠪᠣᠯᠤᠨ᠎ᠠ᠃      ︵ᠭᠤᠷᠪᠠ︶ ᠣᠯᠠᠨᠲᠠ ᠬᠤᠷᠢᠬᠯᠠᠬᠰᠠᠨ ᠴᠣ᠋ ᠬᠤᠯᠠᠭᠠᠶᠢᠯᠠᠨ ᠮᠠᠯᠵᠢᠬᠤ᠂ ᠳᠤᠷ᠎ᠠ ᠪᠠᠷ ᠢᠶᠠᠨ ᠮᠠᠯᠵᠢᠬᠤ᠂ ᠳᠠᠭᠠᠭᠠᠴᠠ ᠠᠴᠠ ᠬᠡᠲᠦᠷᠡᠲᠡᠯ᠎ᠡ ᠮᠠᠯᠯᠠᠬᠰᠠᠨ ᠭᠡᠷ ᠪᠦᠯᠢ ᠶᠢᠨ ᠠᠮᠢ ᠠᠬᠤᠶ ᠶᠢᠨ ᠤᠢ ᠰᠢᠭᠤᠶ ᠶᠢᠨ ᠲᠠᠯᠠᠪᠠᠢ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠤᠣᠯᠳᠠᠯᠭ᠎ᠠ ᠲᠠᠢ ᠪᠡᠯᠴᠢᠭᠡᠷᠯᠡᠭᠦᠯᠬᠦ ᠶᠢ ᠵᠣᠬᠰᠣᠭᠠᠬᠰᠠᠨ ᠣᠷᠣᠨ ᠢ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠣ᠂ ᠬᠠᠤᠯᠢ ᠠᠴᠠ ᠵᠥᠷᠢᠴᠡᠨ ᠮᠠᠯᠯᠠᠵᠤ ᠤᠢ ᠰᠢᠭᠤᠶ ᠨᠣᠳᠤᠭ ᠪᠡᠯᠴᠢᠭᠡᠷ ᠤᠨ ᠠᠮᠢ ᠠᠬᠤᠶ ᠶᠢ ᠡᠪᠳᠡᠬᠦ ᠥᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃      ︵ᠳᠥᠷᠪᠡ︶ ᠭᠠᠳᠠᠷ ᠣᠷᠣᠨ ᠤ ᠮᠠᠯ ᠤᠨᠤᠭ᠎ᠠ ᠮᠠᠨ ᠤ ᠬᠤᠲᠠ ᠶᠢᠨ ᠬᠠᠷᠢᠶ᠎ᠠ ᠲᠣᠭᠤᠷᠢᠭ ᠲᠤ ᠮᠠᠯ  ᠮᠠᠯᠯᠠᠬᠤ ᠣᠶᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠭᠠᠳᠠᠭᠰᠢ ᠲᠦᠷᠢᠶᠡᠰᠦᠯᠡᠭᠦᠯᠬᠦ᠂ ᠰᠢᠯᠵᠢᠭᠦᠯᠦᠨ ᠥᠭᠬᠦ ᠬᠡᠷ ᠪᠦᠯᠢ ᠶᠢᠨ ᠠᠮᠢ ᠠᠬᠤᠶ ᠶᠢᠨ ᠣᠶ ᠰᠢᠭᠤᠶ ᠶᠢᠨ ᠲᠠᠯᠠᠪᠠᠶ ᠶᠢ ᠢᠯᠭᠠᠷᠠᠭᠤᠯᠵᠤ᠂ ᠣᠶᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠡᠷ ᠪᠦᠯᠢ ᠶᠢᠨ ᠠᠮᠢ ᠠᠬᠤᠶ ᠶᠢᠨ ᠣᠶ ᠰᠢᠭᠤᠶ ᠶᠢᠨ ᠲᠠᠯᠠᠪᠠᠶ ᠶᠢᠨ ᠭᠡᠷ᠎ᠡ ᠶᠢ ᠬᠦᠴᠦᠨ ᠥᠬᠡᠶ ᠪᠣᠯᠭᠠᠵᠤ᠂ ᠶᠠᠯ᠎ᠠ ᠬᠢᠭᠰᠡᠨ ︵ᠮᠡᠬᠡᠯᠡᠭᠰᠡᠨ︶ ᠢᠶᠠᠷ ᠰᠡᠵᠢᠭᠯᠡᠭᠳᠡᠭᠰᠡᠨ ᠪᠠᠶᠢᠪᠠᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠨ᠎ᠠ᠃      ︵ᠲᠠᠪᠤ︶ ᠪᠡᠯᠴᠢᠭᠡᠷᠯᠡᠭᠦᠯᠬᠦ ᠶᠢ ᠵᠣᠬᠰᠣᠭᠠᠬᠤ ᠡᠬᠢᠯᠡᠬᠦ ᠪᠡ ᠳᠠᠭᠤᠰᠬᠤ ᠴᠠᠭ᠄ ᠮᠡᠳᠡᠭᠳᠡᠯ ᠪᠠᠭᠤᠯᠭᠠᠭᠰᠠᠨ ᠡᠳᠣᠷ ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠶᠠᠪᠣᠬᠳᠡᠨ᠎ᠠ᠃      ︵ᠵᠢᠷᠭᠤᠭ᠎ᠠ︶ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄      ᠷᠠᠰᠢᠶᠠᠨ ᠤ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 13948227795      ᠪᠠᠶ ᠯᠠᠩ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 13948227101      ᠡᠦ ᠴᠠ ᠭᠧᠤ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 13848381003      ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠪᠡ ᠢᠳᠡᠭᠡᠨ ᠡᠮ ᠤᠨ ᠵᠣᠶᠢᠯᠡᠰ ᠤᠨ ᠲᠤᠷᠰᠢᠨ ᠪᠠᠶᠢᠴᠠᠭᠠᠬᠤ ᠶᠡᠭᠡ ᠠᠩᠭᠢ᠄ 0482-7127110      ᠲᠢᠶᠠᠨ ᡂᠢ ᠪᠠᠯᠭᠠᠰᠤ᠄ 15248577090      ᠪᠠᠶ ᠯᠠᠩ ᠪᠠᠯᠭᠠᠰᠤ᠄ 13451392280      ᠡᠦ ᠴᠠ ᠭᠧᠤ ᠪᠠᠯᠭᠠᠰᠤ᠄ 18804807858      ᠮᠢᠩ ᠱᠦᠢ ᠪᠠᠯᠭᠠᠰᠤ᠄ 18704859618      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠨᠢᠭᠡᠴᠢ᠄ ᠷᠠᠰᠢᠶᠠᠨ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ      ᠬᠠᠷᠢᠯᠴᠠᠬᠤ ᠬᠥᠮᠦᠨ᠄ ᠲᠦᠩ ᠢᠦᠶ ᠮᠢᠩ      ᠬᠠᠷᠢᠯᠴᠠᠬᠤ ᠤᠲᠠᠰᠤ᠄ 0482 — 7123119
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号